ᠶᠦᠨ ᠬᠠᠢ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠴᠡᠭ ᠲᠣᠭᠲᠠᠭᠠᠨ ᠶᠠᠳᠠᠭᠤ ᠶᠢ ᠲᠡᠳᠬᠦᠬᠦ ᠵᠢᠴᠢ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-15
     4 ᠳ᠋ᠦ᠋ᠭᠡᠷ ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠦᠴᠤᠸᠠᠨ ᠰᠢᠶᠠᠨ ᠳᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠴᠡᠭ ᠲᠣᠭᠲᠠᠭᠠᠨ ᠶᠠᠳᠠᠭᠤ ᠶᠢ ᠲᠡᠳᠬᠦᠬᠦ ᠵᠢᠴᠢ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠶᠢ ᠠᠬᠢᠭᠤᠯᠬᠤ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ  ᠬᠤᠲᠠ ᠶᠢᠨ ᠵᠠᠷᠢᠮ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠷᠠᠭᠤᠨ ᠤᠯᠠᠭᠠᠨ ᠪᠤᠯᠠᠭ ᠪᠠᠯᠭᠠᠰᠤ᠂ ᠬᠠᠷ᠎ᠠ ᠬᠤᠰᠢᠭᠤ ᠰᠢᠶᠠᠩ᠂ ᠬᠤᠭᠤᠯᠠᠢ ᠠᠭᠤᠯᠠ ᠰᠢᠶᠠᠩ ᠤᠨ ᠨᠠᠮ ᠤᠨ ᠬᠤᠷᠢᠶᠠᠨ ᠤ ᠱᠦᠵᠢ  ᠣᠷᠤᠰᠢᠵᠤ ᠪᠠᠶᠢᠬᠤ ᠬᠦᠴᠢᠷᠳᠡᠯ ᠤᠨ ᠢᠶᠠᠨ ᠲᠤᠬᠠᠶ ᠲᠣᠳᠣᠷᠬᠠᠶᠢᠯᠠᠯᠲᠠ ᠬᠢᠵᠦ᠂ ᠬᠤᠷᠠᠯ ᠳᠤ ᠣᠷᠣᠯᠴᠠᠭᠰᠠᠨ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠬᠠᠪᠰᠤᠷᠤᠨ ᠲᠡᠳᠬᠦᠬᠦ ᠠᠵᠤ ᠠᠬᠤᠶᠢᠯᠠᠯ ᠠᠴᠠ ᠲᠠᠷᠠᠭᠠᠴᠢ ᠶᠢᠨ ᠠᠯᠬᠤᠮ ᠤᠨ ᠬᠠᠪᠰᠤᠷᠤᠨ ᠲᠡᠳᠬᠦᠬᠦ ᠠᠵᠢᠯ ᠥᠷᠨᠢᠭᠦᠯᠬᠦ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠶᠦᠨ ᠬᠠᠶ ᠱᠦᠵᠢ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠲᠠᠷᠠᠭᠠᠴᠢ ᠶᠢᠨ ᠠᠯᠬᠤᠮ ᠤᠨ ᠬᠠᠪᠰᠤᠷᠤᠨ ᠲᠡᠳᠬᠦᠬᠦ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠴᠡᠭ ᠲᠣᠭᠲᠠᠭᠠᠨ ᠶᠠᠳᠠᠭᠤ ᠶᠢ ᠲᠡᠳᠬᠦᠬᠦ ᠵᠢᠴᠢ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠠᠵᠢᠯᠯᠠᠭ᠎ᠠ ᠥᠷᠨᠢᠭᠦᠯᠬᠦ ᠪᠣᠯ ᠨᠠᠮ ᠵᠠᠰᠠᠭ ᠤᠨ ᠪᠠᠶᠢᠭᠤᠯᠭ᠎ᠠ ᠶᠢᠨ ᠰᠠᠯᠠᠭ᠎ᠠ ᠮᠥᠴᠢᠷ᠂ ᠥᠷᠭᠡᠨ ᠣᠯᠠᠨ ᠠᠵᠤ ᠠᠬᠤᠶᠢᠯᠠᠯ ᠢ  ᠳᠠᠶᠢᠴᠢᠯᠠᠬᠤ ᠪᠠ ᠵᠣᠬᠢᠶᠠᠨ ᠪᠠᠶᠢᠭᠤᠯᠵᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠢᠳᠡᠪᠬᠢᠲᠡᠶ ᠣᠷᠣᠯᠴᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠨ᠂ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠭᠡᠭᠳᠡᠬᠦᠨ ᠪᠣᠷᠣᠯᠠᠭᠤᠯᠬᠤ ᠵᠡᠷᠭᠡ ᠲᠠᠯ᠎ᠠ ᠪᠠᠷ ᠲᠦᠢᠯ ᠤᠨ ᠣᠨᠤᠴᠠᠲᠠᠢ ᠪᠠᠷ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠭᠤᠷᠢ ᠲᠠᠯᠪᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠶᠠᠪᠤᠳᠠᠯ ᠪᠣᠯᠤᠨ᠎ᠠ  ᠭᠡᠪᠡ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠪᠰᠤᠷᠤᠨ ᠲᠡᠳᠬᠦᠬᠦ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠤᠯᠤᠰ ᠤᠨ ᠳᠣᠲᠣᠭᠠᠳᠤ ᠭᠠᠳᠠᠭᠠᠳᠤ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃ ᠣᠳᠣᠬᠠᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢᠭᠡᠨᠲᠡ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠤᠯᠬᠤ᠂ ᠪᠦᠬᠦ ᠲᠠᠯ᠎ᠠ ᠪᠠᠷ ᠰᠡᠭᠦᠯ ᠬᠤᠷᠢᠶᠠᠬᠤ ᠵᠠᠩᠭᠢᠯᠠᠭ᠎ᠠ ᠶᠢᠨ ᠱᠠᠲᠤᠨ ᠳᠤ ᠣᠷᠣᠵᠤ᠂ ᠪᠦᠬᠦ ᠨᠡᠶᠢᠭᠡᠮ ᠤᠨ ᠬᠦᠴᠦᠨ ᠢ ᠳᠠᠶᠢᠴᠢᠯᠠᠨ ᠨᠢᠭᠲᠠᠷᠠᠭᠤᠯᠵᠤ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠴᠢᠬᠤᠯᠠᠲᠠᠢ ᠪᠠᠶᠢᠨ᠎ᠠ᠃ ᠦᠴᠤᠸᠠᠨ ᠰᠢᠶᠠᠨ ᠤ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠰᠠᠯᠠᠭ᠎ᠠ ᠮᠥᠴᠢᠷ ᠪᠠ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢᠶᠠᠨ ᠪᠠᠲᠤ ᠴᠣᠭᠴᠠᠯᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠦᠴᠤᠸᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠢᠯᠡᠰ ᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠬᠠᠪᠰᠤᠷᠤᠨ ᠲᠡᠳᠬᠦᠬᠦ ᠠᠵᠢᠯ ᠤᠨ ᠣᠨᠣᠪᠴᠢ ᠶᠢᠨ ᠬᠡᠮᠵᠢᠶ᠎ᠡ ᠪᠠᠷ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠠᠪᠰᠤᠷᠤᠨ ᠲᠡᠳᠬᠦᠬᠦ ᠺᠠᠳ᠋ᠷ ᠤᠨ ᠬᠠᠷᠢᠭᠤᠴᠠᠯᠭᠠᠲᠤ ᠰᠡᠳᠬᠢᠯᠭᠡ ᠪᠠᠷ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠷᠠᠯ ᠠᠴᠠ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠴᠢᠨᠠᠭᠰᠢᠳᠠ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠪᠰᠤᠷᠤᠨ ᠲᠡᠳᠬᠦᠬᠦ ᠰᠠᠯᠠᠭ᠎ᠠ ᠮᠥᠴᠢᠷ᠂ ᠬᠠᠪᠰᠤᠷᠤᠨ ᠲᠡᠳᠬᠦᠬᠦ ᠠᠵᠤ ᠠᠬᠤᠶᠢᠯᠠᠯ ᠤᠳ ᠬᠠᠪᠰᠤᠷᠤᠨ ᠲᠡᠳᠬᠦᠬᠦ ᠵᠠᠭᠪᠤᠷ ᠲᠤ ᠰᠢᠨ᠎ᠡ ᠶᠢ ᠡᠭᠦᠳᠴᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠮᠡᠷᠭᠡᠵᠢᠯ ᠢᠶᠠᠷ ᠶᠠᠳᠠᠭᠤ ᠶᠢ ᠲᠡᠳᠬᠦᠬᠦ᠂ ᠬᠠᠶᠢᠷ᠎ᠠ ᠬᠠᠯᠠᠮᠵᠢ ᠪᠠᠷ ᠲᠤᠰᠠᠯᠠᠬᠤ ᠵᠡᠷᠭᠡ ᠣᠯᠠᠨ ᠵᠦᠢᠯ ᠤᠨ ᠬᠠᠪᠰᠤᠷᠤᠨ ᠲᠡᠳᠬᠦᠬᠦ ᠬᠡᠯᠪᠡᠷᠢ ᠪᠠᠷ ᠳᠠᠮᠵᠢᠭᠤᠯᠤᠨ᠂ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠦᠷ᠎ᠡ ᠪᠦᠲᠦᠭᠡᠯ ᠢ ᠦᠷᠬᠦᠯᠵᠢᠯᠡᠨ ᠪᠠᠬᠢᠵᠢᠭᠦᠯᠵᠦ᠂ ᠬᠠᠪᠰᠤᠷᠤᠨ ᠲᠡᠳᠬᠦᠬᠦ ᠬᠠᠮᠵᠢᠯᠴᠠᠭ᠎ᠠ ᠶᠢᠨ ᠳᠡᠰ ᠳᠡᠪᠰᠢᠬᠦ ᠶᠢ ᠭᠦᠨᠵᠡᠭᠡᠶ ᠠᠬᠢᠭᠤᠯᠵᠤ᠂ ᠪᠠᠯᠠ ᠮᠥᠩᠭᠦ᠂ ᠲᠥᠷᠥᠯ ᠵᠦᠢᠯ᠂ ᠴᠢᠳᠠᠪᠤᠷᠢᠲᠠᠨ ᠵᠡᠷᠭᠡ ᠬᠦᠴᠦᠨ ᠢ ᠬᠠᠪᠰᠤᠷᠤᠨ ᠲᠡᠳᠬᠦᠬᠦ ᠭᠠᠵᠠᠷ ᠣᠷᠣᠨ ᠲᠡᠰᠢ ᠤᠯᠠᠮ ᠨᠢᠭᠡ ᠠᠯᠬᠤᠮ ᠬᠡᠯᠪᠠᠶᠢᠯᠭᠡᠵᠦ᠂ ᠦᠨᠡᠨᠬᠦ ᠬᠠᠪᠰᠤᠷᠴᠤ ᠪᠣᠳᠠᠲᠠᠶ ᠪᠠᠷ ᠲᠡᠳᠬᠦᠬᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠣᠪᠤᠶᠢᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠂ ᠲᠣᠰᠬᠤᠨ ᠤ ᠬᠠᠮᠲᠤ ᠶᠢᠨ ᠠᠵᠤ ᠦᠢᠯᠡᠰ ᠤᠨ ᠬᠥᠭᠵᠢᠯᠲᠡ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠦᠨ‌‍ᠪᠠᠶᠠᠵᠢᠬᠤ ᠶᠢ ᠠᠬᠢᠭᠤᠯᠵᠤ᠂ ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠬᠤᠭᠤᠴᠠᠭ᠎ᠠ ᠶᠣᠰᠤᠭᠠᠷ ᠣᠯᠵᠤ᠂ ᠬᠤᠭᠤᠴᠠᠭ᠎ᠠ ᠶᠣᠰᠤᠭᠠᠷ ᠴᠢᠨᠡᠭᠡᠯᠢᠭ ᠨᠡᠶᠢᠭᠡᠮ ᠢ ᠪᠥᠬᠦᠢ ᠲᠠᠯ᠎ᠠ ᠪᠠᠷ ᠪᠥᠲᠦᠭᠡᠨ ᠪᠠᠶᠢᠭᠤᠯᠬᠤ ᠲᠤ ᠰᠢᠨ᠎ᠡ ᠶᠡᠭᠡ ᠬᠡᠮᠵᠢᠶᠡᠨ ᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠳᠣᠲᠣᠭᠠᠳᠤ ᠬᠥᠳᠡᠯᠭᠡᠬᠦ ᠬᠦᠴᠦᠨ ᠢ ᠴᠢᠨᠠᠭᠰᠢᠳᠠ ᠬᠥᠭᠵᠢᠭᠡᠵᠦ᠂ ᠬᠠᠪᠰᠤᠷᠤᠨ ᠲᠡᠳᠬᠦᠬᠦ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠨᠤᠭᠤᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠠᠵᠤ ᠦᠢᠯᠡᠰ ᠤᠨ ᠤᠷᠳᠤ ᠬᠤᠭᠤᠴᠠᠭᠠᠨ ᠤ ᠪᠦᠲᠦᠮᠵᠢᠲᠡᠢ ᠬᠥᠭᠵᠢᠯᠲᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠠᠵᠢᠯ ᠤᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠪᠰᠤᠷᠤᠨ ᠲᠡᠳᠬᠦᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠦᠨᠡᠨ ᠬᠦ ᠴᠢᠩᠭᠠᠳᠬᠠᠵᠤ᠂ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠠᠪᠰᠤᠷᠤᠨ ᠲᠡᠳᠬᠦᠬᠦ ᠬᠠᠮᠵᠢᠯᠴᠠᠭᠠᠨ ᠤ ᠬᠦᠷᠢᠶ᠎ᠡ ᠶᠢ ᠥᠷᠭᠡᠳᠬᠡᠵᠤ᠂ ᠡᠯ᠎ᠡ ᠲᠦᠷᠦᠯ ᠤᠨ ᠨᠡᠶᠢᠭᠡᠮ ᠤᠨ ᠬᠠᠪᠰᠤᠷᠤᠨ ᠲᠡᠳᠬᠦᠬᠦ ᠬᠦᠴᠦᠨ ᠤ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠬᠥᠲᠥᠯᠥᠨ ᠵᠢᠯᠣᠭᠤᠳᠴᠤ᠂ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ᠃ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠪᠠᠬᠢᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠴᠢᠰᠤ ᠶᠡᠭᠦᠯᠡᠬᠦ ᠪᠠ ᠴᠢᠰᠤ ᠪᠦᠲᠦᠭᠡᠬᠦ ᠶᠢᠨ ᠬᠤᠪᠢᠰᠤᠩᠭᠤᠶ ᠬᠠᠷᠢᠴᠠᠭ᠎ᠠ ᠶᠢ ᠰᠠᠶᠢᠲᠤᠷ  ᠰᠢᠳᠪᠦᠷᠢᠯᠡᠵᠤ᠂ ᠨᠡᠶᠢᠭᠡᠮ ᠤᠨ ᠬᠠᠪᠰᠤᠷᠤᠨ ᠲᠡᠳᠬᠦᠬᠦ ᠲᠥᠷᠥ ᠶᠢᠨ ᠪᠣᠳᠤᠯᠭ᠎ᠠ ᠶᠢᠨ ᠠᠵᠠ ᠲᠣᠬᠢᠶᠠᠯ ᠢ ᠰᠠᠶᠢᠲᠤᠷ ᠠᠰᠢᠭᠯᠠᠨ᠂ ᠣᠯᠠᠨ ᠵᠦᠢᠯ ᠤᠨ ᠬᠡᠯᠪᠡᠷᠢ ᠪᠥᠬᠦᠶ ᠬᠠᠪᠰᠤᠷᠤᠨ ᠲᠡᠳᠬᠦᠬᠦ ᠵᠠᠭᠪᠤᠷ ᠢ ᠢᠳᠡᠪᠬᠢᠲᠡᠶ ᠰᠦᠪᠡᠭᠴᠢᠯᠡᠨ᠂ ᠠᠵᠤ ᠠᠬᠤᠶᠢᠯᠠᠯ ᠤᠨ ᠬᠥᠭᠵᠢᠯᠲᠡ ᠬᠢᠭᠡᠳ ᠲᠠᠷᠢᠶᠠᠴᠢᠳ ᠤᠨ ᠶᠠᠳᠠᠭᠤ ᠠᠴᠠ ᠠᠩᠭᠢᠵᠢᠷᠠᠬᠤ ᠶᠢᠨ ᠨᠡᠶᠢᠯᠡᠯᠲᠡ ᠶᠢᠨ ᠴᠡᠭ ᠢ ᠡᠷᠢᠵᠦ ᠣᠯᠵᠤ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ ᠠᠵᠢᠯ ᠤᠨ ᠪᠠᠶᠢᠳᠠᠯ ᠢ ᠪᠣᠶ ᠪᠣᠯᠭᠠᠬᠤ ᠬᠡᠷᠡᠭᠲᠡᠶ  ᠭᠡᠪᠡ᠃ ︵ᠯᠢᠦᠶ ᠫᠢᠩ ᠫᠢᠩ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号