ᠬᠦᠬᠡᠬᠤᠳᠠ ᠳᠠᠬᠢ ᠶᠡᠭᠡ ᠳᠡᠬᠡᠳᠤ ᠰᠤᠷᠭᠠᠭᠤᠯᠢ ᠶᠢᠨ ᠠᠵᠤ ᠠᠬᠤᠢ ᠪᠠ ᠬᠠᠮᠢᠶᠠᠷᠤᠯᠳᠠ ᠶᠢᠨ ᠮᠡᠷᠬᠡᠵᠢᠯ ᠤᠨ ᠰᠦᠯᠵᠢᠶᠡᠨ ᠳᠠᠬᠢ ᠴᠢᠳᠠᠪᠤᠷᠢᠳᠠᠨ ᠡᠯᠰᠡᠬᠦ ᠳᠤᠰᠬᠠᠢ ᠴᠤᠭᠯᠠᠭᠠᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2020-04-16
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ  ︵ᠰᠤᠷᠪᠤᠯᠵᠢᠯᠠᠭᠴᠢ ᠨᠠᠪᠴᠢ︶ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠤ ᠳᠡᠬᠦᠰᠬᠦ ᠤᠶᠤᠳᠠᠳ ᠪᠠ ᠬᠥᠮᠥᠨ ᠬᠡᠷᠡᠭᠯᠡᠬᠦ ᠨᠢᠭᠡᠴᠢ ᠶᠢᠨ ᠴᠢᠳᠠᠪᠤᠷᠢᠲᠠᠨ ᠤᠷᠢᠵᠤ ᠡᠯᠰᠡᠬᠦ ᠳᠤ ᠨᠡᠩ ᠰᠠᠶᠢᠨ ᠦᠢᠯᠡᠴᠢᠯᠡᠬᠦ ᠶᠢᠨ ᠲᠦᠯᠦᠬᠡ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠬᠡᠳᠤ ᠰᠤᠷᠭᠠᠭᠤᠯᠢ ᠶᠢᠨ ᠳᠡᠬᠦᠰᠬᠦ ᠤᠶᠤᠳᠠᠳ ᠤᠨ ᠠᠵᠢᠯ ᠤᠯᠭᠤᠯᠳᠠ ᠶᠢ ᠵᠢᠯᠤᠭᠤᠳᠬᠤ ᠲᠦᠪ ᠠᠴᠠ ᠭᠤᠤᠯᠯᠠᠨ ᠡᠷᠬᠢᠯᠡᠭᠰᠡᠨ᠂ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ ︽ᠬᠦᠬᠡᠬᠤᠳᠠ ᠳᠠᠬᠢ ᠶᠡᠭᠡ ᠳᠡᠬᠡᠳᠤ ᠰᠤᠷᠭᠠᠭᠤᠯᠢ ᠶᠢᠨ ᠠᠵᠤ ᠠᠬᠤᠢ ᠪᠠ ᠬᠠᠮᠢᠶᠠᠷᠤᠯᠳᠠ ᠶᠢᠨ ᠮᠡᠷᠭᠡᠵᠢᠯ ᠤᠨ ᠤᠶᠤᠳᠠᠳ ᠲᠤ ᠵᠤᠷᠢᠭᠤᠯᠤᠭᠰᠠᠨ ᠠᠩᠬᠠᠳᠠᠭᠴᠢ ᠰᠦᠯᠵᠢᠶᠡᠨ ᠳᠠᠬᠢ ᠴᠢᠳᠠᠪᠤᠷᠢᠳᠠᠨ ᠡᠯᠰᠡᠬᠦ ᠳᠤᠰᠬᠠᠢ ᠴᠤᠭᠯᠠᠭᠠᠨ︾ ᠢ ᠵᠢᠩᠬᠢᠨᠢ ᠪᠠᠷ ᠡᠬᠢᠯᠡᠬᠦᠯᠪᠡ᠃     ᠤᠷᠢᠵᠤ ᠡᠯᠰᠡᠬᠦ ᠴᠤᠭᠯᠠᠭᠠᠨ ᠨᠢ 4 ᠰᠠᠷ᠎ᠠ ᠶᠢᠨ 6 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠤᠶᠤᠳᠠᠳ ᠤᠨ ᠤᠶᠤᠨᠴᠢ ᠠᠵᠢᠯ ᠤᠯᠭᠤᠵᠤ ᠦᠢᠯᠡᠰ ᠪᠤᠰᠬᠠᠬᠤ ᠦᠢᠯᠡᠴᠢᠯᠡᠬᠡᠨ ᠤ ᠡᠬᠦᠯᠡᠨ ᠳᠠᠪᠴᠠᠩ ᠳᠤ ᠶᠠᠪᠤᠭᠳᠠᠨ᠎ᠠ᠃ ᠳᠤᠰ ᠳᠠᠪᠴᠠᠩ ᠨᠢ ᠳᠤᠰ ᠤᠳᠠᠭ᠎ᠠ ᠶᠢᠨ ᠤᠷᠢᠵᠤ ᠡᠯᠰᠡᠬᠦ ᠠᠵᠢᠯᠯᠠᠭ᠎ᠠ ᠳᠤ ᠳᠤᠰᠬᠠᠢ ᠪᠤᠯᠤᠩ ᠨᠡᠭᠡᠭᠡᠨ᠎ᠡ᠃ ᠨᠡᠷ᠎ᠡ ᠪᠠᠨ ᠪᠦᠷᠢᠳᠬᠡᠬᠦᠯᠦᠭᠰᠡᠨ ᠦᠬᠡᠢ ᠬᠥᠮᠥᠨ ᠬᠡᠷᠡᠭᠯᠡᠬᠦ ᠨᠢᠬᠡᠴᠢ ᠳᠤᠰᠬᠠᠢ ᠪᠤᠯᠤᠩ ᠳᠤ ᠤᠷᠤᠵᠤ ᠨᠡᠷ᠎ᠡ ᠪᠠᠨ ᠪᠦᠷᠢᠳᠬᠡᠬᠦᠯᠵᠦ᠂ ᠳᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠵᠤ ᠪᠣᠯᠣᠨ᠎ᠠ᠃ ᠨᠢᠬᠡᠨᠳᠡ ᠪᠦᠷᠢᠳᠬᠡᠬᠦᠯᠦᠭᠰᠡᠨ ᠬᠦᠮᠦᠨ ᠬᠡᠷᠡᠭᠯᠡᠬᠦ ᠨᠢᠬᠡᠴᠢ ᠳᠤᠰ ᠳᠠᠪᠴᠠᠩ ᠳᠤ ᠰᠢᠭᠤᠳ ᠭᠠᠷᠴᠤ ᠪᠣᠯᠣᠨ᠎ᠠ᠃ ᠳᠠᠪᠴᠠᠩ ᠨᠢ ᠬᠦᠮᠦᠨ ᠬᠡᠷᠡᠭᠯᠡᠬᠦ ᠨᠢᠬᠡᠴᠢ ᠳᠤ ᠰᠦᠯᠵᠢᠶᠡᠨ ᠳᠤ ᠪᠠᠶᠢᠭ᠎ᠠ ᠳᠤᠪᠴᠢ ᠨᠠᠮᠲᠠᠷ ᠢ ᠰᠢᠯᠢᠨ ᠰᠤᠩᠭᠤᠬᠤ᠂ ᠤᠷᠢᠵᠤ ᠡᠯᠰᠡᠬᠦ ᠮᠡᠳᠡᠭᠡ ᠵᠠᠩᠬᠢ ᠶᠢ ᠤᠨᠤᠪᠴᠢᠳᠠᠢ ᠳᠠᠨᠢᠯᠴᠠᠭᠤᠯᠬᠤ᠂ ᠰᠦᠯᠵᠢᠶᠡᠨ ᠳᠡᠭᠡᠷ᠎ᠡ ᠭᠡᠷ᠎ᠡ ᠳᠤᠭᠳᠠᠬᠤ ᠵᠡᠷᠬᠡ ᠤᠯᠠᠨ ᠵᠦᠢᠯ ᠤᠨ ᠦᠢᠯᠡᠴᠢᠯᠡᠭᠡ ᠬᠠᠩᠭᠠᠬᠤ ᠪᠣᠯᠣᠨ᠎ᠠ᠃      ᠲᠡᠭᠦᠰᠬᠦ ᠤᠶᠤᠳᠠᠳ ᠥᠪᠥᠷ ᠮᠣᠩᠭᠤᠯ ᠤᠨ ᠤᠶᠤᠲᠠᠳ ᠤᠨ ᠣᠶᠤᠨᠴᠢ ᠠᠵᠢᠯ ᠤᠯᠭᠤᠵᠤ ᠦᠢᠯᠡᠰ ᠪᠤᠰᠬᠠᠬᠤ ᠦᠢᠯᠡᠴᠢᠯᠡᠭᠡᠨ ᠤ ᠡᠭᠦᠯᠡᠨ ᠲᠠᠪᠴᠠᠩ ᠳᠤ ᠭᠠᠷᠬᠤ ᠪᠤᠶᠤ ︽ᠥᠪᠥᠷ ᠮᠣᠩᠭᠤᠯ ᠤᠨ ᠤᠶᠤᠲᠠᠳ ᠤᠨ ᠠᠵᠢᠯ ᠤᠯᠭᠤᠯᠳᠠ︾ ᠵᠢᠷᠬᠢᠶ᠎ᠡ ᠶᠢᠨ ᠣᠯᠠᠨ ᠨᠡᠶᠢᠲᠡ ᠶᠢᠨ ᠲᠠᠪᠴᠠᠩ  ᠳᠤ ᠣᠷᠣᠵᠤ ᠪᠦᠷᠢᠳᠬᠡᠬᠦᠯᠵᠦ ᠪᠣᠯᠣᠨ᠎ᠠ᠂ ᠨᠢᠭᠡᠨᠲᠡ ᠪᠦᠷᠢᠳᠬᠡᠬᠦᠯᠦᠭᠰᠡᠨ ᠰᠣᠷᠣᠭᠴᠢ ᠰᠢᠭᠤᠳ ᠳᠠᠪᠴᠠᠩ ᠳᠤ ᠭᠠᠷᠴᠤ᠂ ︽ᠲᠣᠪᠴᠢ ᠨᠠᠮᠲᠠᠷ ᠤᠨ ᠬᠠᠮᠢᠶᠠᠷᠤᠯᠲᠠ︾ ᠶᠢ ᠳᠤᠪᠴᠢᠳᠠᠵᠤ ᠲᠣᠪᠴᠢ ᠨᠠᠮᠲᠠᠷ ᠬᠢᠵᠦ ᠪᠣᠯᠣᠨ᠎ᠠ᠂ ᠲᠣᠰ ᠤᠳᠠᠭᠠᠨ ᠤ ᠰᠦᠯᠵᠢᠶ᠎ᠡ ᠪᠠᠷ ᠠᠵᠢᠯᠲᠠᠨ ᠡᠯᠰᠡᠬᠦ ᠠᠵᠢᠯᠯᠠᠭ᠎ᠠ ᠶᠢᠨ ᠲᠤᠰᠬᠠᠶ ᠪᠤᠯᠤᠩ ᠠᠴᠠ ᠬᠥᠮᠥᠨ ᠬᠡᠷᠡᠭᠯᠡᠬᠦ ᠨᠢᠭᠡᠴᠢ ᠪᠠ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠬᠠᠶᠢᠨ ᠦᠵᠡᠵᠦ᠂ ᠪᠠᠶᠢᠴᠠᠭᠠᠨ ᠯᠠᠪᠯᠠᠵᠤ᠂ ᠰᠠᠨᠠᠮᠵᠢ ᠳᠤᠭᠳᠠᠭᠰᠠᠨ ᠬᠥᠮᠦᠨ ᠬᠡᠷᠡᠭᠯᠡᠬᠦ ᠨᠢᠭᠡᠴᠢ ᠲᠠᠢ ᠰᠦᠯᠵᠢᠶᠡᠨ ᠳᠡᠭᠡᠷ᠎ᠡ ᠭᠡᠷ᠎ᠡ ᠲᠣᠭᠲᠠᠵᠤ᠂ ᠠᠵᠢᠯ ᠣᠯᠭᠤᠬᠤ ᠭᠠᠷᠳᠠᠮ ᠭᠦᠢᠴᠡᠳᠬᠦᠬᠦ ᠪᠠᠷ ᠭᠤᠶᠤᠴᠢᠯᠠᠵᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号