ᠮᠠᠷᠳᠠᠵᠤ ᠪᠤᠯᠤᠰᠢ ᠦᠭᠡᠢ ᠲᠡᠦᠭᠡ · ᠬᠤᠪᠢᠰᠬᠠᠯᠴᠢᠳ ᠤᠨ ᠴᠠᠳᠢᠭ —  ᠶᠠᠩ ᠢ ᠹᠠᠨ
ᠨᠡᠶᠢᠲᠡᠯᠡᠭᠰᠡᠨ ᠴᠠᠭ᠄
2020-04-17
     ᠶᠠᠩ ᠢ ᠹᠠᠨ ︵︖ — 1934 ᠣᠨ︶᠂ ᠥᠭᠡᠷ᠎ᠡ ᠨᠡᠷ᠎ᠡ ᠨᠢ ᠶᠠᠩ ᠵᠢᠶ ᠱᠠᠨ ᠭᠡᠳᠡᠭ᠂ ᠬᠢᠲᠠᠳ ᠦᠨᠳᠦᠰᠦᠲᠡᠨ᠂ ᠠᠨᠾᠦ᠋ᠢ ᠶᠢᠨ ᠬᠥᠮᠦᠨ᠃ ᠡᠷᠲᠡ ᠦᠶ᠎ᠡ ᠳᠤ ᠪᠠᠨ ᠹᠷᠠᠨᠼᠢ ᠳᠤ ᠣᠴᠢᠵᠤ ᠠᠵᠢᠯᠴᠢ ᠠᠷᠪᠢᠴᠢ ᠪᠠᠷ ᠰᠤᠷᠤᠯᠴᠠᠨ᠂ ᠬᠤᠵᠢᠮ ᠨᠢ ᠲᠥᠪ ᠤᠨ ᠰᠣᠪᠢᠶᠠᠳ ᠣᠷᠣᠨ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠦᠨ ᡁᠢ ᠮᠤᠵᠢ ᠶᠢᠨ ᠨᠠᠮ ᠤᠨ ᠬᠤᠷᠢᠶ᠎ᠠ᠂ ᠡᠾᠧᠪᠸᠢ ᠮᠤᠵᠢ ᠶᠢᠨ ᠨᠠᠮ ᠤᠨ ᠬᠤᠷᠢᠶᠠᠨ ᠳᠤ ᠠᠵᠢᠯᠯᠠᠵᠤ᠂ ︽ᠳᠤᠮᠳᠠᠳᠤ ᠤᠯᠤᠰ ᠤᠨ ᠨᠡᠶᠢᠭᠡᠮ ᠤᠨ ᠵᠠᠳᠠᠯᠤᠯᠲᠠ︾ ᠭᠡᠬᠦ ᠨᠣᠮ ᠢ ᠪᠢᠴᠢᠵᠡᠢ᠃      1932 ᠣᠨ ᠤ 8 ᠳ᠋ᠤᠭᠠᠷ ᠰᠠᠷ᠎ᠠ ᠳᠤ᠂ ᠶᠠᠩ ᠢ ᠹᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠾᠧᠪᠸᠢ ᠮᠤᠵᠢ ᠶᠢᠨ ᠬᠤᠷᠢᠶ᠎ᠠ ᠶᠢᠨ ᠲᠣᠮᠢᠯᠠᠯᠲᠠ ᠪᠠᠷ ᠰᠦᠢ ᠶᠤᠸᠠᠨ ᠳᠤ ᠢᠷᠡᠵᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠢ ᠰᠦᠢ ᠶᠢᠨ ᠲᠥᠪ ᠰᠢᠶᠠᠨ ᠤ ᠬᠤᠷᠢᠶ᠎ᠠ ᠶᠢ ᠬᠠᠪᠰᠤᠷᠤᠨ ᠪᠠᠶᠢᠭᠤᠯᠤᠭᠰᠠᠨ ᠪᠠ ᠡᠵᠡᠷᠬᠡᠭ ᠳᠦᠷᠢᠮᠡᠬᠡᠶᠢᠳᠡᠨ ᠢ ᠡᠰᠡᠷᠭᠦᠴᠡᠬᠦ ᠶᠡᠭᠡ ᠬᠤᠯᠪᠣᠭ᠎ᠠ ᠶᠢᠨ ᠠᠵᠢᠯ ᠢ ᠤᠳᠤᠷᠢᠳᠪᠠ᠃      1933 ᠣᠨ ᠤ 1 ᠳ᠋ᠤᠭᠡᠷ ᠰᠠᠷ᠎ᠠ ᠳᠤ᠂ ᠶᠠᠩ ᠢ ᠹᠠᠨ ᠳ᠋ᠦ᠋ ᠷᠤ᠋ ᠰᠢᠨ ᠨᠠᠷ ᠲᠠᠢ ᠪᠸᠢᠢᠫᠢᠩ ᠳᠤ ᠣᠴᠢᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠾᠧᠪᠸᠢ ᠮᠤᠵᠢ ᠶᠢᠨ ᠬᠤᠷᠢᠶ᠎ᠠ ᠪᠸᠢᠢᠫᠢᠩ ᠤᠨ ᠰᠢᠤᠸᠠᠨ ᠦ᠋ ᠮᠧᠨ ᠤ  ᠭᠠᠳᠠᠨᠠᠬᠢ ᠨᠢᠭᠡ  ᠨᠢᠭᠤᠴᠠ ᠠᠵᠢᠯ ᠤᠨ ᠴᠡᠭ ᠲᠤ ᠶᠠᠩ ᠢ ᠹᠠᠨ᠂ ᠳ᠋ᠦ᠋ ᠷᠤ᠋ ᠰᠢᠨ ᠵᠢᠴᠢ ᠪᠤᠷᠤᠳᠤᠬᠠᠢ ᠳᠤ ᠠᠵᠢᠯ ᠥᠷᠨᠢᠬᠦᠯᠵᠦ ᠪᠠᠶᠢᠭᠰᠠᠨ ᠸᠠᠩ ᠰᠧᠨ ᠲᠠᠢ ᠰᠦᠢ ᠶᠤᠸᠠᠨ ᠤ ᠠᠵᠢᠯ ᠤᠨ ᠠᠰᠠᠭᠤᠳᠠᠯ ᠢ ᠶᠠᠷᠢᠯᠴᠠᠵᠤ᠂  ᠭᠦᠢ ᠰᠦᠢ᠂ ᠯᠢᠨ ᠾᠧ  ᠳᠤ ᠬᠤᠶᠠᠷ ᠰᠢᠶᠠᠨ ᠤ ᠨᠠᠮ ᠤᠨ ᠬᠤᠷᠢᠶ᠎ᠠ ᠪᠠᠶᠢᠭᠤᠯᠬᠤ ᠪᠠᠷ ᠲᠣᠭᠲᠠᠪᠠ᠃ 2 ᠳ᠋ᠤᠭᠠᠷ ᠰᠠᠷ᠎ᠠ ᠳᠤ᠂ ᠶᠠᠩ ᠢ ᠹᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠾᠧᠪᠸᠢ ᠮᠤᠵᠢ ᠶᠢᠨ  ᠬᠤᠷᠢᠶ᠎ᠠ ᠶᠢ ᠲᠥᠯᠥᠭᠡᠯᠡᠨ ᠬᠥᠬᠡᠬᠤᠲᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠢ ᠰᠦᠢ ᠶᠢᠨ ᠲᠥᠪ ᠰᠢᠶᠠᠨ ᠤ ᠬᠤᠷᠢᠶ᠎ᠠ ᠶᠢ ᠪᠠᠶᠢᠭᠤᠯᠬᠤ ᠪᠠᠷ ᠨᠡᠶᠢᠲᠡᠯᠡᠵᠦ᠂ ᠳ᠋ᠦ᠋ ᠷᠦ᠋ ᠰᠢᠨ ᠢ ᠱᠦᠵᠢ ᠪᠠᠷ ᠲᠣᠮᠢᠯᠠᠵᠤ᠂ ᠮᠠ ᠯᠢᠨ ᠵᠣᠬᠢᠶᠠᠨ ᠪᠠᠶᠢᠭᠤᠯᠬᠤ ᠠᠵᠢᠯ ᠢ ᠬᠤᠪᠢᠳᠠᠨ ᠬᠠᠮᠢᠶᠠᠷᠴᠤ᠂ ᠰᠦ᠋ ᠴᠢᠶᠠᠨ ᠢ ᠤᠬᠠᠭᠤᠯᠬᠤ ᠠᠵᠢᠯ ᠢ ᠬᠤᠪᠢᠳᠠᠨ ᠬᠠᠮᠢᠶᠠᠷᠬᠤ ᠪᠠᠷ ᠲᠣᠭᠲᠠᠵᠠᠢ᠃ ᠰᠢᠶᠠᠨ ᠤ ᠨᠠᠮ ᠤᠨ ᠬᠤᠷᠢᠶ᠎ᠠ ᠠᠴᠠ ᠤᠳᠤᠷᠢᠳᠤᠭᠰᠠᠨ ᠨᠠᠮ ᠤᠨ ᠭᠡᠰᠢᠭᠦᠨ ᠳᠤ ᠪᠠᠰᠠ ᠶᠠᠩ ᠶᠧ ᠫᠧᠩ᠂ ᠡᠦ ᠳ᠋ᠡ ᠫᠢᠩ᠂ ᠸᠠᠩ ᠪᠢᠩ ᠢᠥᠢ᠂ ᠵᠦ ᠪᠦᠦ ᠭᠤᠸᠠᠩ ᠨᠠᠷ ᠪᠤᠢ᠃ 4  ᠳ᠋ᠤᠭᠡᠷ ᠰᠠᠷ᠎ᠠ  ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠢ ᠰᠦᠢ ᠶᠢᠨ ᠲᠥᠪ ᠰᠢᠶᠠᠨ ᠤ ᠬᠤᠷᠢᠶ᠎ᠠ ᠪᠣᠯᠤᠨ ᠰᠦᠢ ᠶᠤᠸᠠᠨ ᠤ ᠡᠵᠡᠷᠬᠡᠭ ᠲᠦᠷᠢᠮᠡᠬᠡᠶᠢᠳᠡᠨ ᠢ ᠡᠰᠡᠷᠭᠦᠴᠡᠬᠦ ᠶᠡᠭᠡ ᠬᠤᠯᠪᠣᠭ᠎ᠠ ᠡᠪᠳᠡᠭᠳᠡᠪᠡ᠃ 6 ᠳ᠋ᠤᠭᠠᠷ ᠰᠠᠷ᠎ᠠ ᠳᠤ᠂ ᠶᠠᠩ ᠢ ᠹᠠᠨ ᠨᠥᠬᠦᠷ ᠪᠤᠭᠤᠲᠤ ᠳᠤ ᠪᠠᠷᠢᠪᠴᠢᠯᠠᠭᠳᠠᠵᠤ᠂ ᠤᠳᠠᠯ ᠦᠭᠡᠢ ᠬᠥᠬᠡᠬᠤᠲᠠ ᠳᠤ ᠬᠦᠷᠭᠡᠭᠳᠡᠨ ᠰᠦᠢ ᠶᠤᠸᠠᠨ ᠤ ︽ᠨᠢᠭᠡᠳᠦᠭᠡᠷ ᠵᠢᠱᠢᠶᠡᠴᠢ ᠭᠢᠨᠳᠠᠨ︾ ᠳᠤ ᠬᠤᠷᠢᠭᠳᠠᠵᠠᠢ᠃ ᠲᠡᠨᠳᠡ ᠶᠠᠩ ᠢ ᠹᠠᠨ ᠨᠥᠬᠦᠷ ᠸᠠᠩ ᠷᠦᠸᠧ ᠹᠸᠢ ᠵᠡᠷᠭᠡ ᠭᠢᠨᠳᠠᠨ ᠳᠠᠬᠢ ᠨᠠᠮ ᠤᠨ ᠭᠡᠰᠢᠭᠦᠨ ᠲᠠᠢ ᠬᠤᠯᠪᠤᠭ᠎ᠠ ᠠᠪᠴᠤ᠂ ᠭᠢᠨᠳᠠᠨ ᠳᠤ ᠲᠦᠢᠯ ᠤᠨ ᠪᠡᠷᠭᠡ ᠬᠠᠲᠠᠭᠤᠵᠢᠯᠲᠠᠢ ᠲᠡᠮᠡᠴᠡᠯ ᠶᠠᠪᠤᠭᠤᠯᠪᠠ᠃ ᠲᠡᠷᠡ ᠰᠠᠯᠬᠢ ᠦᠵᠡᠬᠦ ᠵᠠᠪᠰᠢᠶᠠᠨ ᠢᠶᠠᠷ ᠶᠠᠩ ᠶᠧ ᠫᠧᠩ ᠳᠤ᠄ ︽ᠲᠩᠷᠢ ᠶᠠᠭᠠᠬᠢᠭᠰᠠᠨ ᠴᠤ ᠭᠡᠭᠡᠷᠡᠨ᠎ᠡ᠂ ᠰᠢᠪᠠᠭᠤ ᠶᠠᠭᠠᠬᠢᠭᠰᠠᠨ ᠴᠤ ᠵᠢᠷᠬᠢᠨ᠎ᠡ᠃ ᠶᠠᠫᠣᠨ ᠳᠡᠭᠡᠷᠡᠮᠴᠢᠳ ᠤᠮᠠᠷᠠᠲᠤ ᠣᠷᠣᠨ ᠳᠤ ᠰᠢᠬᠠᠨ ᠤᠶᠢᠷᠠᠳᠤᠵᠤ᠂ ᠭᠤᠮᠢᠨᠳᠠᠩ ᠠᠭᠤᠯᠠ ᠤᠰᠤ ᠪᠠᠨ ᠬᠤᠳᠠᠯᠳᠤᠪᠠ᠃ ᠳᠤᠮᠳᠠᠳᠤ ᠤᠯᠤᠰ ᠢ ᠠᠪᠤᠷᠠᠬᠤ ᠬᠦᠨᠳᠦ ᠡᠭᠦᠷᠭᠡ ᠴᠥᠮ ᠮᠠᠨ ᠤ ᠡᠳᠡᠭᠡᠷ ᠬᠥᠮᠦᠰ ᠤᠨ ᠮᠥᠷᠥᠨ ᠲᠡᠭᠡᠷ᠎ᠡ ᠪᠠᠶᠢᠨ᠎ᠠ᠃ ᠬᠠᠮᠤᠭ ᠤᠨ ᠬᠠᠷᠠᠩᠭᠤᠶ ᠪᠥᠭᠡᠳ ᠬᠠᠮᠤᠭ ᠤᠨ ᠪᠡᠷᠬᠡ ᠬᠠᠲᠠᠭᠤᠵᠢᠯᠲᠠᠶ ᠡᠨᠡ ᠴᠠᠭ ᠦᠶ᠎ᠡ ᠶᠢ ᠡᠷᠡᠰ ᠪᠠᠲᠤ ᠲᠤᠭᠤᠯᠬᠤ ᠬᠡᠷᠡᠭᠲᠡᠶ ᠭᠡᠵᠦ ᠨᠥᠬᠦᠳ ᠲᠤ ᠬᠡᠯᠡᠵᠦ ᠥᠭᠭᠦᠭᠡᠷᠡᠶ᠃ ᠬᠡᠵᠢᠶ᠎ᠡ ᠨᠢᠭᠡᠨ ᠡᠳᠦᠷ᠂ ᠪᠢᠳᠡ ᠥᠷ ᠤᠨ ᠭᠡᠭᠡ ᠳᠤᠮᠳᠠ ᠢᠯᠠᠯᠲᠠ ᠶᠢᠨ ᠳᠠᠭᠤᠤ ᠶᠢ ᠤᠭᠲᠤᠨ ᠡᠷᠡᠯᠬᠡᠭᠯᠡᠨ  ᠤᠷᠤᠭᠰᠢᠯᠠᠬᠤ ᠪᠣᠯᠤᠨ᠎ᠠ᠃ ᠪᠠᠰᠠ ᠠᠯᠢ ᠨᠢᠭᠡᠨ ᠡᠳᠦᠷ᠂ ᠪᠢᠳᠡ ᠡᠨᠡ ᠭᠢᠨᠳᠠᠨ  ᠢ ᠡᠭᠡᠯᠵᠢ  ᠰᠤᠯᠢᠯᠠᠭᠤᠯᠤᠨ᠎ᠠ︕︾ ᠭᠡᠵᠡᠢ᠃ ᠬᠤᠵᠢᠮ ᠨᠢ ᠭᠢᠨᠳᠠᠨ ᠤ ᠨᠥᠬᠦᠴᠡᠯ ᠮᠠᠭᠤ ᠠᠴᠠ ᠪᠤᠯᠵᠤ᠂ ᠶᠠᠩ ᠢ ᠹᠠᠨ ᠨᠥᠬᠦᠷ ᠶᠤᠯᠬᠤᠳᠠᠰᠤᠯᠠᠬᠤ ᠡᠪᠡᠳᠴᠢᠨ ᠬᠦᠷᠴᠦ᠂ ᠭᠢᠨᠳᠠᠨ ᠤ ᠡᠮᠴᠢ ᠪᠠᠰᠠ ᠡᠮᠨᠡᠵᠦ ᠥᠭᠭᠦᠭᠰᠡᠨ ᠦᠭᠡᠢ ᠠᠴᠠ ᠲᠡᠭᠦᠨ ᠤ ᠠᠮᠢ ᠨᠠᠰᠤ ᠨᠢ ᠠᠶᠤᠯ ᠲᠠᠢ ᠪᠣᠯᠪᠠ᠃ ᠨᠠᠰᠤ ᠪᠠᠷᠠᠬᠤ ᠠᠴᠠ ᠪᠠᠨ ᠡᠮᠦᠨ᠎ᠡ ᠲᠡᠷᠡ ᠬᠠᠮᠲᠤ ᠬᠤᠷᠢᠭᠳᠠᠵᠤ ᠪᠠᠶᠢᠭᠰᠠᠨ ᠨᠠᠶᠢᠵᠠ ᠳᠤ ᠪᠠᠨ᠄ ︽ᠵᠠᠪᠠᠯ ᠵᠤᠪᠠᠯᠠᠩ ᠤᠨ ᠲᠤᠮᠳᠠ ᠵᠢᠷᠭᠠᠯ ᠢ ᠬᠠᠶᠢᠵᠤ᠂ ᠠᠮᠢᠳᠤ ᠭᠠᠷᠤᠭᠠᠷᠠᠢ᠂ ᠨᠢᠭᠡ ᠴᠠᠭ ᠤᠨ ᠣᠬᠤᠷ ᠪᠤᠳᠤᠯ ᠢᠶᠠᠷ ᠡᠬᠡᠨᠡᠷ ᠬᠡᠦᠬᠡᠳ ᠤᠨ ᠢᠶᠠᠨ ᠨᠢᠭᠡ ᠨᠠᠰᠤᠨ ᠤ ᠭᠤᠨᠢᠭᠳᠤ ᠵᠦᠴᠦᠭᠡ ᠶᠢ ᠪᠦᠳᠦᠭᠡᠵᠦ ᠪᠣᠯᠬᠤ ᠦᠭᠡᠢ︾ ᠭᠡᠵᠦ ᠢᠳᠬᠠᠨ ᠲᠠᠶᠢᠳᠬᠤᠷᠠᠭᠤᠯᠵᠠᠢ᠃      ᠨᠤᠲᠤᠭ ᠤᠰᠤᠨ ᠠᠴᠠ ᠪᠠᠨ ᠰᠠᠯᠵᠤ᠂ ᠲᠠᠶᠠᠩ ᠲᠡᠯᠡᠭᠡᠢ ᠪᠠᠷ ᠭᠡᠷ ᠢᠶᠠᠨ ᠪᠣᠯᠭᠠᠵᠤ ᠶᠠᠪᠤᠭᠰᠠᠨ ᠡᠪ ᠬᠠᠮᠲᠤ ᠨᠠᠮᠲᠠᠨ ᠶᠠᠩ ᠢ ᠹᠠᠨ ᠤ ᠲᠥᠷᠥᠭᠰᠡᠨ ᠣᠨ ᠰᠠᠷ᠎ᠠ ᠪᠠ ᠰᠦᠢ ᠶᠤᠸᠠᠨ ᠳᠤ ᠢᠷᠡᠬᠦ ᠠᠴᠠ ᠡᠮᠦᠨᠡᠬᠢ ᠬᠤᠪᠢᠰᠬᠠᠯ ᠤᠨ ᠥᠩᠭᠡᠷᠡᠯᠲᠡ ᠶᠢ ᠨᠢ  ᠪᠢᠳᠡ ᠤᠳᠤ ᠪᠤᠯᠳᠠᠯ᠎ᠠ ᠮᠡᠳᠡᠬᠦ ᠦᠭᠡᠢ ᠪᠠᠶᠢᠭᠰᠠᠭᠠᠷ  ᠃ ᠲᠡᠷᠡ ᠥᠪᠥᠷ ᠮᠣᠩᠭᠤᠯ ᠤᠨ ᠬᠤᠪᠢᠰᠬᠠᠯ ᠤᠨ ᠲᠡᠦᠭᠡᠨ ᠲᠠᠶᠢᠰᠠᠨ ᠲᠡᠭᠡᠷ᠎ᠡ᠂ ᠤᠯᠤᠰ ᠠᠷᠠᠳ ᠢᠶᠠᠨ ᠠᠪᠤᠷᠠᠬᠤ ᠶᠢᠨ ᠲᠥᠯᠥᠭᠡ᠂ ᠡᠪ ᠬᠠᠮᠲᠤ ᠶᠣᠰᠣᠨ ᠤ ᠦᠢᠯᠡᠰ ᠤᠨ ᠲᠥᠯᠥᠭᠡ ᠭᠠᠷᠮᠠᠭᠠᠢ ᠲᠡᠮᠡᠴᠡᠵᠦ᠂ ᠡᠴᠦᠰ ᠰᠡᠭᠦᠯ ᠳᠡᠭᠡᠨ ᠭᠤᠮᠢᠨᠳᠠᠩ ᠤᠨ ᠲᠡᠷᠰᠯᠡᠭᠦᠴᠦᠳ ᠤᠨ ᠭᠢᠨᠳᠠᠨ ᠳᠤ ᠴᠢᠮᠡᠭᠡ ᠠᠨᠢᠷ ᠦᠭᠡᠢ ᠪᠡᠶ᠎ᠡ ᠦᠷᠡᠭᠳᠡᠵᠡᠢ᠃  ᠭᠡᠪᠡᠴᠦ ᠲᠡᠭᠦᠨ ᠤ ᠠᠯᠳᠠᠷ ᠨᠡᠷ᠎ᠡ ᠪᠣᠯᠤᠨ ᠭᠠᠪᠢᠶ᠎ᠠ ᠵᠢᠳᠬᠦᠯ ᠢ ᠥᠪᠥᠷ ᠮᠣᠩᠭᠤᠯ ᠤᠨ ᠠᠷᠠᠳ ᠲᠦᠮᠡᠨ ᠡᠭᠦᠷᠢᠳᠡ ᠪᠠᠲᠤ ᠴᠡᠭᠡᠵᠢᠯᠡᠨ᠎ᠡ᠃         ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠭᠡ︾ ︵ᠦᠪᠦᠷ ᠮᠤᠩᠭᠤᠯ ᠤᠨ ᠶᠡᠭᠡ  ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂1999 ᠣᠨ ᠤ ᠬᠡᠪᠯᠡᠯ︶ ᠠᠴᠠ ᠤᠷᠴᠢᠭᠤᠯᠪᠠ
 
ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠭᠡ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号