ᠬᠥᠬᠡᠬᠤᠲᠠ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ︽ᠮᠢᠩᠭᠠᠨ ᠰᠤᠷᠭᠠᠭᠤᠯᠢ ᠲᠦᠮᠡᠨ ᠠᠵᠢᠯ ᠤᠨ ᠪᠠᠶᠢᠷᠢ︾ — ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠲᠠᠯᠠᠪᠠᠢ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠣᠭᠯᠠᠭᠠᠨ 23 ᠤ ᠡᠳᠦᠷ ᠶᠠᠪᠤᠭᠳᠠᠨ᠎ᠠ
ᠨᠡᠶᠢᠲᠡᠯᠡᠭᠰᠡᠨ ᠴᠠᠭ᠄
2020-04-17
       ︵ᠰᠤᠷᠪᠤᠯᠵᠢᠯᠠᠭᠴᠢ ᠯᠢᠤᠢ ᠬᠤᠢ ᠱᠧᠩ︶ ᠣᠶᠢᠯᠠᠭᠠᠭᠰᠠᠨ ᠢᠶᠠᠷ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ︽ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ︾ ᠶᠡᠭᠡ ᠲᠠᠯ᠎ᠠ ᠶᠢᠨ ᠲᠣᠭᠤᠷᠢᠨ ᠳᠤ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ  ᠤᠶᠤᠳᠠᠳ ᠤᠨ ᠠᠵᠢᠯ ᠣᠯᠭᠤᠯᠲᠠ ᠶᠢᠨ ᠦᠢᠯᠡᠴᠢᠯᠡᠭᠡ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ︽ᠮᠢᠩᠭᠠᠨ ᠰᠤᠷᠭᠠᠭᠤᠯᠢ ᠲᠦᠮᠡᠨ ᠠᠵᠢᠯ ᠤᠨ ᠪᠠᠶᠢᠷᠢ︾ ᠠᠵᠢᠯ ᠣᠯᠭᠤᠯᠲᠠ ᠶᠢᠨ ᠦᠢᠯᠡᠴᠢᠯᠡᠭᠡ ᠶᠢᠨ ᠤᠯᠠᠷᠢᠯ ᠤᠨ ᠠᠵᠢᠯᠯᠠᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠲᠠ ᠶᠢᠨ ᠬᠤᠷᠢᠶ᠎ᠠ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠲᠤᠷᠠᠨ ᠡᠷᠬᠢᠯᠡᠵᠦ᠂ ᠥᠪᠥᠷ ᠮᠣᠩᠭᠤᠯ ᠤᠨ ᠲᠢᠶᠠᠨ ᠢᠦᠢ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ︵ᠪᠦᠯᠦᠭᠯᠡᠯ︶ ᠬᠢᠵᠠᠭᠠᠷᠲᠤ ᠺᠣᠮᠫᠠᠨᠢ᠂ ᠮᠠᠥ ᠲᠧᠥ ᠶᠢᠩ ᠥᠪᠥᠷ ᠮᠣᠩᠭᠤᠯ ᠤᠨ  ᠡᠬᠦᠯᠡᠨᠴᠢᠷ ᠴᠢᠳᠠᠪᠤᠷᠢᠲᠠᠨ ᠤ ᠵᠠᠬ᠎ᠠ ᠳᠡᠯᠭᠡᠭᠦᠷ ᠠᠴᠠ ᠳᠠᠭᠠᠭᠠᠴᠢᠯᠠᠨ ᠡᠷᠬᠢᠯᠡᠭᠰᠡᠨ ᠬᠥᠬᠡᠬᠤᠲᠠ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ︽ᠮᠢᠩᠭᠠᠨ ᠰᠤᠷᠭᠠᠭᠤᠯᠢ ᠲᠦᠮᠡᠨ ᠠᠵᠢᠯ ᠤᠨ ᠪᠠᠶᠢᠷᠢ︾ — ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠲᠠᠯᠠᠪᠠᠢ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠣᠭᠯᠠᠭᠠᠨ 4 ᠳ᠋ᠦ᠋ᠭᠡᠷ ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ ᠶᠠᠪᠤᠭᠳᠠᠨ᠎ᠠ᠃ ᠡᠨᠡ ᠬᠤᠭᠤᠴᠠᠭᠠᠨ ᠳᠤ ᠥᠷᠭᠡᠨ ᠣᠯᠠᠨ ᠠᠵᠢᠯ ᠡᠷᠢᠬᠦ  ᠵᠠᠯᠠᠭᠤᠴᠤᠳ ᠪᠠ ᠠᠵᠢᠯᠲᠠᠨ ᠬᠡᠷᠡᠭᠯᠡᠬᠦ ᠠᠵᠤ ᠠᠬᠤᠶᠢᠯᠠᠯ ︽ᠮᠠᠥ ᠲᠧᠥ ᠶᠢᠩ ᠥᠪᠥᠷ ᠮᠣᠩᠭᠤᠯ ᠤᠨ ᠡᠭᠦᠯᠡᠨᠴᠢᠷ ᠴᠢᠳᠠᠪᠤᠷᠢᠲᠠᠨ ᠤ ᠵᠠᠬ᠎ᠠ ᠳᠡᠯᠭᠡᠭᠦᠷ ︾ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠲᠠᠪᠴᠠᠩ ᠳᠡᠭᠡᠷ᠎ᠡ ᠭᠠᠷᠴᠤ ᠠᠵᠢᠯ ᠣᠯᠬᠤ ᠬᠤᠣᠰ ᠴᠢᠭᠯᠡᠯ ᠤᠨ ᠰᠣᠩᠭᠤᠯᠲᠠ ᠬᠢᠵᠦ᠂ ᠸᠢᠳᠢᠣ᠋ ᠪᠠᠷ ᠨᠢᠭᠤᠷᠳᠠᠨ ᠰᠢᠯᠭᠠᠭᠤᠯᠵᠤ ᠪᠣᠯᠣᠨ᠎ᠠ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号