ᠰᠢᠨ᠎ᠡ ᠬᠤᠲᠠ ᠲᠣᠭᠤᠷᠢᠭ ᠤᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠥᠪᠡᠷ ᠤᠨ | ᠬᠦᠷᠲᠡᠵᠦ ᠪᠠᠶᠢᠭ᠎ᠠ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠᠨ ᠨᠠᠩ ᠲᠣᠳᠣᠷᠬᠠᠶ ᠣᠶᠢᠯᠠᠭᠠᠭᠤᠯᠬᠤ ᠶᠢᠨ | ᠲᠥᠯᠥᠭᠡ᠂ 3 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠶᠢᠨ ᠠᠷᠠᠳ ᠤᠨ | ᠶᠠᠪᠤᠳᠠᠯ ᠤᠨ ᠲᠣᠪᠴᠢᠶ᠎ᠠ ᠶᠢᠨ ᠪᠥᠬᠦ ᠺᠠᠲᠠᠷ ᠭᠠᠷᠠᠭ ᠤᠨ ᠰᠡᠭᠦᠯᠴᠢ ᠶᠢᠨ ᠴᠠᠭ ᠢ ᠠᠰᠢᠭᠯᠠᠨ᠂ 15 ᠲᠣᠰᠬᠤᠨ 42 | ᠡᠷᠦᠬᠡ ᠳᠤ ᠭᠦᠨᠵᠡᠭᠡᠶᠢᠷᠡᠵᠦ᠂ 93 ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠳᠣᠲᠣᠷᠠᠬᠢ | ᠠᠪᠤᠷᠠᠨ ᠲᠤᠰᠠᠯᠠᠬᠤ ᠦᠨᠳᠦᠰᠦᠨ ᠵᠤᠶᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠬᠡᠷ | ᠪᠦᠯᠢ ᠳᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠬᠦᠷᠭᠡᠪᠡ᠃ ᠲᠣᠰ ᠺᠠᠷᠲ ᠲᠥᠬᠦᠮ ᠣᠶᠢᠯᠠᠭᠠᠮᠵᠢᠲᠠᠶ | ᠦᠭᠡ ᠬᠡᠯᠡ ᠪᠠᠷ ᠳᠠᠩᠰᠠᠯᠠᠵᠤ ᠺᠠᠷᠲᠯᠠᠭᠰᠠᠨ ᠬᠡᠷ ᠪᠦᠯᠢ ᠶᠢᠨ ᠡᠳ᠋ᠯᠡᠬᠦ ᠲᠦᠷᠦ ᠶᠢᠨ ᠪᠣᠳᠣᠯᠭ᠎ᠠ᠂ ᠵᠣᠭᠤᠰ ᠤᠨ | ᠲᠤᠭ᠎ᠠ ᠵᠢᠴᠢ ᠰᠠᠷ᠎ᠠ ᠪᠦᠷᠢ ᠶᠢᠨ ᠠᠪᠬᠤ ᠴᠠᠭ ᠢ ᠮᠡᠳᠡᠭᠳᠡᠬᠦ ᠶᠢᠨ ᠬᠠᠮᠲᠤ᠂ ᠦᠢᠯᠡᠴᠢᠯᠡᠬᠦ ᠺᠠᠲᠠᠷᠴᠤᠳ ᠤᠨ ᠬᠡᠷᠡᠯ | ᠵᠢᠷᠤᠭ ᠪᠠ ᠤᠲᠠᠰᠤ ᠶᠢ ᠴᠤ ᠺᠠᠷᠲ ᠳᠡᠭᠡᠷ᠎ᠡ ᠪᠢᠴᠢᠵᠦ᠂ ᠬᠦᠴᠢᠷᠳᠡᠯᠲᠡᠶ ᠣᠯᠠᠨ ᠲᠦᠮᠡᠨ ᠤ ᠤᠲᠠᠰᠤ ᠪᠠᠷ | ᠲᠤᠰᠠᠯᠠᠮᠵᠢ ᠭᠤᠶᠤᠴᠢᠯᠠᠬᠤ᠂ ᠠᠰᠠᠭᠤᠨ ᠯᠠᠪᠯᠠᠬᠤ ᠵᠡᠷᠭᠡ ᠵᠦᠢᠯᠡᠰ ᠲᠤ ᠲᠥᠬᠦᠮ ᠦᠵᠡᠭᠦᠯᠦᠨ᠎ᠡ᠃ | | | | | | | | | | | | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠ᠂ ᠲᠤᠭᠤᠷᠢᠭ ᠤᠨ ᠠᠷᠠᠳ ᠤᠨ | ᠶᠠᠪᠤᠳᠠᠯ ᠤᠨ ᠲᠤᠪᠴᠢᠶ᠎ᠠ ᠦᠨᠳᠦᠰᠦᠨ ᠵᠤᠶᠢᠯ ᠢ ᠪᠠᠲᠤᠯᠠᠬᠤ ᠴᠢᠬᠤᠯᠠ ᠡᠭᠦᠷᠭᠡ ᠲᠤᠰᠢᠶᠠᠯ ᠡᠭᠦᠷᠭᠡᠯᠡᠵᠦ᠂ ︽ᠵᠥᠪ | ᠤᠨᠤᠪᠴᠢᠲᠠᠢ ᠪᠠᠲᠤᠯᠠᠵᠤ᠂ ᠴᠢᠩᠭ᠎ᠠ ᠪᠠᠲᠤᠯᠠᠬᠤ︾ ᠶᠢ ᠪᠠᠲᠤᠯᠠᠬᠤ ᠶᠢᠨ ᠲᠥᠯᠥᠭᠡ᠂ ᠠᠷᠠᠳ ᠤᠨ ᠶᠠᠪᠤᠳᠠᠯ ᠤᠨ | ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠪᠣᠭᠤᠮᠲᠠ | ᠰᠢᠪᠲᠤᠯᠬᠤ ᠭᠤᠤᠯᠳᠠᠯᠭ᠎ᠠ ᠶᠢ ᠣᠨᠢᠯᠠᠵᠤ᠂ ᠠᠵᠢᠯ ᠤᠨ ᠠᠷᠭ᠎ᠠ ᠪᠠᠷᠢᠯ ᠤᠨ ᠲᠠᠯ᠎ᠠ ᠪᠠᠷ ᠲᠠᠰᠤᠷᠠᠯᠲᠠ ᠥᠬᠡᠶ | ᠰᠢᠨ᠎ᠡ ᠶᠢ ᠡᠭᠦᠳᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠᠬᠢ ᠡᠭᠦᠷᠭᠡ | ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠡᠯ᠎ᠡ ᠵᠣᠶᠢᠯ ᠤᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠨᠠᠷᠢᠯᠢᠭ ᠨᠠᠶᠢᠲᠠᠪᠤᠷᠢᠵᠢᠭᠤᠯᠬᠤ ᠶᠢ ᠠᠬᠢᠭᠤᠯᠤᠨ᠎ᠠ | ᠃ |