ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ  ᠤᠨ ᠳᠠᠷᠤᠭ᠎ᠠ ᠵᠠᠩ ᠱᠣᠤ ᠴᠦᠨ ᠴᠢᠩ ᠱᠦᠶ ᠾᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-04-02
     3 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠱᠣᠤ ᠴᠦᠨ ᠴᠢᠩ ᠱᠦᠶ ᠾᠧ ᠰᠢᠶᠠᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃      ᠵᠠᠩ ᠱᠤᠤ ᠴᠦᠨ ᠤᠷᠢᠳ ᠬᠤᠵᠢᠳ ᠬᠤᠩ ᠾᠧ ᠪᠠᠯᠭᠠᠰᠤᠨ ᠤ ᠢ ᠵᠢᠶᠠᠨ ᠹᠠᠩ᠂ ᠹᠠᠨ ᠰᠧ ᠶᠣᠣ᠂ ᠶᠤᠸᠠᠨ ᠽᠢ ᠸᠠᠨ ᠪᠣᠯᠤᠨ ᠶᠣᠣ ᠭᠸᠦ ᠰᠢᠶᠠᠩ ᠤᠨ ᠪᠦ᠋ᠦ ᠼᠠᠨ ᠸᠠ ᠲᠣᠰᠬᠤᠨ ᠳᠤ ᠬᠦᠷᠴᠦ ᠶᠠᠳᠠᠭᠤ ᠬᠦᠴᠢᠷᠳᠡᠯᠲᠡᠶ ᠡᠷᠦᠬᠡ ᠶᠢ ᠪᠣᠯᠭᠤᠭᠠᠨ ᠲᠣᠬᠤᠨᠢᠭᠤᠯᠵᠤ᠂ ᠤᠯᠤᠰ ᠤᠨ ᠨᠥᠬᠦᠪᠥᠷᠢ ᠶᠢᠨ ᠨᠠᠶᠢᠳᠠᠪᠤᠷᠢᠵᠢᠭᠤᠯᠤᠯᠲᠠ᠂ ᠣᠷᠣᠯᠭ᠎ᠠ ᠶᠢᠨ ᠪᠠᠲᠤᠯᠭ᠎ᠠ ᠶᠢᠨ ᠪᠦᠷᠢᠯᠳᠦᠴᠡ᠂ ᠭᠡᠷ ᠪᠦᠯᠢ ᠶᠢᠨ ᠠᠵᠤ ᠦᠶᠯᠡᠰ ᠤᠨ ᠬᠥᠭᠵᠢᠯᠲᠡ᠂ ᠠᠴᠢᠯᠠᠯ ᠲᠡᠳᠬᠦᠮᠵᠢ᠂ ᠤᠰᠤ ᠤᠮᠳᠠ ᠶᠢᠨ ᠠᠮᠤᠷ ᠲᠦᠪᠰᠢᠨ᠂ ᠣᠷᠣᠨ ᠰᠠᠭᠤᠴᠠ ᠶᠢᠨ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠠᠰᠠᠭᠤᠵᠤ᠂ ᠳᠠᠷᠠᠭ᠎ᠠ ᠨᠢ ᠤᠯᠢᠶᠠᠰᠤᠲᠠᠢ ᠰᠢᠶᠠᠩ ᠤᠨ 2020 ᠣᠨ ᠤ ᠲᠠᠷᠢᠶᠠᠯᠠᠩ ᠤᠨ ᠠᠵᠤ ᠦᠢᠯᠡᠰ ᠢᠶᠠᠷ ᠰᠢᠶᠠᠩ ︵ᠪᠠᠯᠭᠠᠰᠤ︶ ᠢ ᠬᠦᠴᠦᠷᠬᠡᠭᠵᠢᠭᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠬᠤᠩ ᠾᠧ ᠪᠠᠯᠭᠠᠰᠤᠨ ᠤ ᠮᠧᠩ ᠴᠢᠩ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠶᠠᠳᠠᠭᠤ ᠶᠢ ᠲᠡᠳᠬᠦᠬᠦ ᠠᠰᠢᠭ ᠲᠤᠰᠠ ᠶᠢ ᠬᠤᠯᠪᠣᠭᠰᠠᠨ ᠪᠠᠶᠢᠳᠠᠯ ᠢ ᠪᠠᠶᠢᠴᠠᠭᠠᠨ ᠰᠤᠳᠤᠯᠵᠤ᠂ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠰᠢᠶᠠᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠲᠣᠮᠢᠯᠠᠨ ᠰᠠᠭᠤᠯᠭᠠᠬᠤ ᠠᠵᠢᠯ ᠤᠨ ᠶᠡᠷᠦᠩᠬᠡᠢ ᠠᠩᠬᠢ ᠶᠢᠨ ᠳᠠᠷᠤᠭ᠎ᠠ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ  ᠶᠢᠨ ᠲᠥᠯᠥᠭᠡᠯᠡᠭᠴᠢ᠂ ᠶᠠᠳᠠᠭᠤ ᠬᠦᠴᠢᠷᠳᠡᠯᠲᠡᠢ ᠡᠷᠦᠬᠡ ᠶᠢᠨ ᠲᠥᠯᠥᠭᠡᠯᠡᠭᠴᠢ᠂ ᠶᠠᠳᠠᠭᠤ ᠶᠢ ᠲᠡᠳᠬᠦᠬᠦ ᠠᠵᠤ ᠦᠢᠯᠡᠰ  ᠤᠨ ᠠᠵᠤ ᠠᠬᠤᠶᠢᠯᠠᠯ ᠤᠨ ᠲᠥᠯᠥᠭᠡᠯᠡᠭᠴᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠠᠢ᠃      ᠵᠠᠩ ᠱᠤᠤ ᠴᠦᠨ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ᠂ 3 ᠳ᠋ᠤᠭᠠᠷ ᠰᠠᠷ᠎ᠠ ᠶᠢᠨ 6 ᠤ ᠡᠳᠦᠷ ᠤᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠪᠣᠯᠤᠨ 3 ᠳ᠋ᠤᠭᠠᠷ ᠰᠠᠷ᠎ᠠ ᠶᠢᠨ 27 ᠤ ᠡᠳᠦᠷ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠷᠡ ᠶᠣᠰᠤᠭᠠᠷ ᠨᠢ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠶᠠᠳᠠᠭᠤ ᠬᠦᠴᠢᠷᠳᠡᠯᠲᠡᠢ ᠭᠠᠵᠠᠷ ᠣᠷᠣᠨ ᠤ ᠤᠯᠠᠨ ᠲᠦᠮᠡᠨ ᠳᠤ ᠪᠤᠶᠠᠨ ᠦᠢᠯᠡᠳᠴᠦ᠂ ᠣᠷᠣᠯᠭ᠎ᠠ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠡᠯ᠎ᠡ ᠱᠠᠲᠤᠨ ᠤ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠲᠤᠭᠤᠰᠢᠲᠠᠢ ᠴᠡᠭᠴᠡᠯᠡᠨ ᠰᠠᠶᠢᠵᠢᠷᠠᠭᠤᠯᠵᠤ᠂ ᠲᠣᠬᠢᠷᠠᠭᠤᠯᠤᠨ ᠪᠣᠳᠣᠯᠬᠢᠯᠠᠬᠤ ᠬᠡᠷᠡᠭᠲᠡᠢ᠃ ᠪᠣᠶ ᠪᠥᠬᠦᠶ ᠶᠠᠳᠠᠭᠤ ᠬᠦᠴᠢᠷᠳᠡᠯᠲᠡᠶ ᠡᠷᠦᠬᠡ ᠪᠣᠯᠤᠨ ᠪᠣᠶ ᠪᠥᠬᠦᠶ ᠬᠤᠯᠪᠣᠭᠳᠠᠭᠰᠠᠨ ᠵᠦᠶᠯᠡᠰ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠤᠲᠠᠭᠤᠳᠠᠯ ᠪᠠᠭᠤᠷᠠᠶ ᠵᠦᠶᠯ ᠢ ᠨᠥᠬᠦᠪᠥᠷᠢᠯᠡᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ ᠶᠠᠪᠤᠴᠠ ᠳᠤᠮᠳᠠᠬᠢ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠵᠡᠷᠭᠡ ᠠᠰᠠᠭᠤᠳᠠᠯ ᠢ ᠴᠢᠩᠭ᠎ᠠ ᠰᠡᠷᠭᠡᠶᠢᠯᠡᠬᠦ ᠬᠡᠷᠡᠭᠲᠡᠢ︔ ᠬᠢᠵᠢᠭ ᠤᠨ ᠪᠠᠶᠢᠳᠠᠯ ᠢ ᠦᠨᠡᠨᠬᠦ ᠢᠯᠠᠨ ᠳᠠᠪᠠᠵᠤ᠂ ᠬᠢᠵᠢᠭ ᠠᠴᠠ ᠪᠣᠯᠵᠤ ᠶᠠᠳᠠᠭᠤᠷᠠᠬᠤ  ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ᠃ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠶᠣᠰᠣ ᠰᠤᠷᠲᠠᠬᠤᠨ ᠬᠡᠪ ᠰᠤᠷᠲᠠᠯ ᠤᠨ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠪ ᠤᠨ ᠲᠤᠰᠬᠠᠢ ᠲᠣᠭᠤᠷᠢᠨ ᠪᠠᠶᠢᠴᠠᠭᠠᠯᠲᠠ ᠪᠠ  ︽ᠡᠷᠬᠢᠨ ᠬᠠᠷᠠᠬᠤ ︾ ᠪᠠᠷ ᠬᠠᠷᠢᠭᠤ ᠲᠤᠰᠬᠠᠭᠰᠠᠨ ᠠᠰᠠᠭᠤᠳᠠᠯ ᠵᠡᠷᠭᠡ ᠪᠠᠷ ᠭᠤᠣᠯᠳᠠᠭᠤᠯᠵᠤ᠂ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ ᠭᠡᠵᠡᠢ᠃      ᠵᠠᠩ ᠱᠤᠤ ᠴᠦᠨ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠡᠯ᠎ᠡ ᠱᠠᠲᠤᠨ ᠤ ᠱᠦᠵᠢ ᠨᠢᠭᠡᠳᠦᠭᠡᠷ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠱᠠᠲᠤᠨ ᠤ ᠤᠳᠤᠷᠢᠳᠬᠤ ᠪᠠᠭ ᠤᠨ ᠪᠦᠷᠢᠯᠳᠦᠬᠦᠨ ᠴᠥᠮ ᠬᠤᠪᠢ  ᠶᠢᠨ ᠬᠠᠷᠢᠭᠤᠴᠠᠯᠭ᠎ᠠ ᠡᠭᠦᠷᠭᠡᠯᠡᠵᠦ᠂ ᠨᠢᠭᠡ ᠱᠠᠳᠤ ᠨᠢ ᠨᠢᠭᠡ ᠱᠠᠳᠤ ᠪᠠᠨ ᠳᠠᠭᠠᠭᠤᠯᠤᠨ ᠠᠵᠢᠯᠯᠠᠵᠤ᠂ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠠᠵᠢᠯᠯᠠᠬᠤ ᠬᠡᠷᠡᠭᠲᠡᠢ᠃ ︽ᠲᠦᠷᠪᠡ ᠶᠢ ᠠᠪᠴᠤ ᠬᠠᠶᠠᠬᠤ ᠦᠭᠡᠢ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠯᠭ᠎ᠠ ᠪᠠᠭᠠᠲᠠᠶ ᠬᠥᠮᠦᠨ ᠠᠮᠠ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ︽ᠶᠠᠳᠠᠭᠤ ᠠᠴᠠ ᠠᠩᠭᠢᠵᠢᠷᠠᠭᠤᠯᠬᠤ ᠴᠢᠨᠡᠭᠡᠯᠢᠭᠵᠢᠬᠦ ᠳᠤ ᠥᠪᠡᠷ ᠢ ᠪᠠᠨ ᠲᠦᠰᠢᠭᠯᠡᠬᠦ︾ ᠦᠵᠡᠯ ᠰᠠᠨᠠᠭ᠎ᠠ ᠶᠢ ᠪᠤᠢ ᠪᠣᠯᠭᠠᠬᠤ ᠬᠡᠷᠡᠭᠲᠡᠢ᠃ ︽ᠠᠵᠤ ᠠᠬᠤᠶᠢᠯᠠᠯ + ᠰᠠᠭᠤᠷᠢᠨ ᠭᠠᠵᠠᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠶᠡᠬᠡᠪᠡᠷ ᠬᠥᠭᠵᠢᠭᠦᠯᠵᠦ᠂ ᠨᠠᠩ ᠣᠯᠠᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠠᠵᠤ ᠦᠶᠯᠡᠰ ᠤᠨ ᠬᠡᠯᠬᠢᠶ᠎ᠡ ᠳᠤ ᠣᠷᠣᠯᠴᠠᠭᠤᠯᠵᠤ᠂ ᠪᠠᠶᠠᠵᠢᠭᠤᠯᠬᠤ ᠵᠠᠮ ᠢᠶᠠᠷ ᠵᠠᠮᠨᠠᠭᠤᠯᠬᠤ ᠬᠡᠷᠡᠭᠲᠡᠶ᠃ ᠲᠣᠰᠬᠤᠨ ᠤ ᠨᠠᠮ ᠤᠨ ᠡᠭᠦᠷ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠤ ᠪᠠᠶᠠᠵᠢᠬᠤ ᠶᠢ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠲᠤᠰ ᠭᠠᠵᠠᠷ ᠣᠷᠣᠨ ᠤ ᠴᠢᠳᠠᠪᠤᠷᠢᠲᠠᠨ ᠤ ᠠᠳᠠᠯ ᠦᠢᠯᠡᠰ ᠪᠤᠰᠬᠠᠬᠤ ᠶᠢ ᠠᠬᠢᠭᠤᠯᠵᠤ᠂  ︽ᠶᠠᠪᠤᠬᠤ ᠦᠭᠡᠢ ᠶᠠᠳᠠᠭᠤ ᠶᠢ ᠲᠡᠳᠬᠦᠬᠦ ᠠᠵᠢᠯᠯᠠᠬᠤ ᠠᠩᠬᠢ︾ ᠶᠢ ᠪᠠᠶᠢᠭᠤᠯᠬᠤ ᠬᠡᠷᠡᠭᠲᠡᠢ᠃ ᠲᠥᠪ ᠤᠨ ᠱᠠᠭᠠᠷᠳᠠᠯᠭ᠎ᠠ ᠲᠠᠢ ᠬᠠᠷᠢᠴᠠᠭᠤᠯᠵᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠢᠳᠡᠪᠬᠢᠲᠡᠢ ᠠᠬᠢᠭᠤᠯᠵᠤ᠂ ︽ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠮᠳᠠᠭᠤᠯᠤᠨ ᠪᠠᠶᠢᠴᠠᠭᠠᠬᠤ ᠠᠯᠪᠠᠨ ᠬᠡᠷ ᠤᠨ ᠬᠤᠯᠪᠣᠭᠳᠠᠯ ᠪᠥᠬᠦᠶ ᠨᠥᠬᠦᠳ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ  ᠤᠨ ᠳᠠᠷᠤᠭ᠎ᠠ ᠡᠦ ᠸᠧᠨ ᠮᠢᠩ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠺᠠᠩ ᠶᠦᠩ ᠴᠢᠶᠠᠩ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠷᠦᠩᠬᠡᠶ ᠠᠩᠭᠢ ᠶᠢᠨ ᠳᠠᠷᠤᠭ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠯᠢ ᠬᠤᠩ ᠭᠤᠸᠠᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠰᠢᠶᠧ ᠵᠢᠶᠦ᠋ᠨ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ ᠶᠢᠨ ᠳᠡᠳ᠋ ᠳᠠᠷᠤᠭ᠎ᠠ ᠴᠧᠨ ᠰᠢᠶᠤᠤ ᠪᠣᠣ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠵᠢᠶᠦ᠋ᠨ ᠨᠡᠷ ᠪᠠᠶᠢᠴᠠᠭᠠᠨ ᠰᠤᠳᠤᠯᠬᠤ᠂ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号