ᠮᠠ ᠸᠧᠨ ᠵᠢᠩ ᠾᠸᠢ ᠯᠣᠤ ᠶᠣᠣ ᠰᠢᠶᠠᠩ ᠳᠤ ᠭᠦᠨᠵᠡᠭᠡᠶᠢᠷᠡᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠣᠨ ᠵᠢᠯᠣᠭᠤᠳᠪᠠ
ᠨᠡᠶᠢᠲᠡᠯᠡᠭᠰᠡᠨ ᠴᠠᠭ᠄
2020-04-02
     3 ᠳ᠋ᠤᠭᠠᠷ ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ  ᠪᠠᠶᠢᠭᠤᠯᠬᠤ ᠬᠡᠯᠲᠡᠰ ᠤᠨ ᠳᠠᠷᠤᠭ᠎ᠠ ᠮᠠ ᠸᠧᠨ ᠵᠢᠩ ᠾᠧᠢ ᠯᠣᠤ ᠶᠣᠣ ᠰᠢᠶᠠᠩ ᠳᠤ ᠭᠦᠨᠵᠡᠭᠡᠶᠢᠷᠡᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠬᠤ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠣᠭᠤᠯᠪᠠ᠃      ᠮᠠ ᠸᠧᠨ ᠵᠢᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠶᠠᠩ ᠲᠣᠰᠬᠤᠨ ᠤ ᠬᠤᠶᠠᠷ ᠱᠠᠲᠣᠨ ᠤ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠲᠠᠢ ᠭᠦᠨᠵᠡᠭᠡᠢ ᠰᠠᠨᠠᠯ ᠰᠣᠯᠢᠯᠴᠠᠵᠤ᠂ ᠡᠯ᠎ᠡ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ᠂ ᠬᠠᠮᠲᠤ ᠶᠢᠨ ᠠᠵᠤ ᠠᠬᠤᠢ ᠶᠢᠨ ᠣᠷᠣᠯᠭ᠎ᠠ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠠᠵᠢᠯ ᠥᠷᠨᠢᠭᠦᠯᠦᠭᠰᠡᠨ ᠪᠠᠶᠢᠳᠠᠯ ᠂ ᠠᠵᠤ ᠦᠢᠯᠡᠰ ᠤᠨ ᠲᠦᠷᠦᠯ ᠵᠦᠢᠯ ᠤᠨ ᠠᠬᠢᠴᠠ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠪᠣᠯᠤᠨ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠳᠠᠭᠤ ᠬᠦᠴᠢᠷᠳᠡᠯᠲᠡᠢ ᠡᠷᠦᠬᠡ ᠶᠢᠨ ᠭᠡᠷ ᠲᠤ ᠬᠦᠷᠴᠦ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ᠂ ᠭᠡᠷ ᠪᠦᠯᠢ ᠶᠢᠨ ᠪᠠᠶᠢᠳᠠᠯ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠣᠶᠢᠯᠠᠭᠠᠪᠠ᠃      ᠮᠠ ᠸᠧᠨ ᠵᠢᠩ ᠵᠢᠭᠠᠵᠤ ᠭᠠᠷᠭᠠᠭᠰᠠᠨ ᠨᠢ᠂ ᠬᠠᠩᠰᠢ ᠣᠶᠢᠷᠠᠳᠴᠤ ᠪᠠᠶᠢᠭ᠎ᠠ ᠦᠶ᠎ᠡ ᠳᠤ ᠭᠠᠯ ᠰᠡᠷᠭᠡᠶᠢᠯᠡᠬᠦ ᠰᠢᠲᠠᠭᠠᠬᠤ ᠶᠢ ᠴᠠᠭᠠᠵᠠᠯᠠᠬᠤ ᠠᠵᠢᠯ ᠤᠨ ᠪᠠᠶᠢᠳᠠᠯ ᠬᠦᠨᠳᠦ ᠨᠣᠴᠢᠲᠠᠶ ᠪᠠᠶᠢᠨ᠎ᠠ᠂ ᠾᠧᠢ ᠯᠣᠤ ᠶᠣᠣ ᠰᠢᠶᠠᠩ ᠭᠦᠨᠵᠡᠭᠡᠢ ᠰᠤᠷᠭᠠᠮᠵᠢ ᠠᠪᠴᠤ᠂ ᠲᠦᠷᠢᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠢᠭᠰᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠪᠠᠨ ᠨᠠᠷᠢᠯᠢᠬᠵᠢᠭᠤᠯᠤᠨ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ︽ᠬᠥᠮᠦᠨ ᠪᠦᠬᠦᠨ ᠴᠥᠮ ᠭᠠᠯ ᠰᠡᠷᠭᠡᠶᠢᠯᠡᠭᠴᠢ ᠮᠥᠨ︾ ᠭᠡᠬᠦ ᠣᠯᠠᠨ ᠲᠦᠮᠡᠨ ᠤ ᠣᠷᠣᠯᠴᠠᠬᠤ ᠠᠭᠤᠷ ᠠᠮᠢᠰᠬᠤᠯ ᠢ ᠪᠣᠶ ᠪᠣᠯᠭᠠᠵᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠥᠮᠦᠰ᠂ ᠴᠢᠬᠤᠯᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠴᠢᠩᠭ᠎ᠠ ᠰᠡᠷᠭᠡᠶᠢᠯᠡᠵᠦ ᠪᠠᠲᠣ ᠰᠠᠬᠢᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠡᠶ᠃      ᠮᠠ ᠸᠧᠨ ᠵᠢᠩ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠂ ᠾᠸᠢ ᠯᠣᠣ ᠶᠣᠣ ᠰᠢᠶᠠᠩ ᠤᠨ ᠰᠢᠶᠠᠩ ᠲᠣᠰᠬᠤᠨ ᠤ ᠬᠤᠶᠠᠷ ᠱᠠᠲᠤᠨ ᠤ ᠺᠠᠳ᠋ᠷ ᠵᠢᠴᠢ ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠬᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠪᠠᠶᠢᠳᠠᠯ ᠢ ᠲᠣᠳᠣᠷᠬᠠᠢ ᠲᠠᠨᠢᠵᠤ᠂ ᠵᠠᠩᠭᠢᠯᠠᠭ᠎ᠠ ᠶᠢᠨ ᠴᠠᠭ ᠪᠣᠯᠬᠤ ᠲᠤᠳᠤᠮ ᠢᠶᠠᠨ ᠰᠤᠯᠠᠷᠠᠭᠤᠯᠵᠤ ᠪᠣᠯᠬᠤ ᠦᠭᠡᠢ᠂ ᠠᠵᠢᠯ ᠤᠨ ᠡᠭᠦᠷᠭᠡᠲᠦ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠳᠤᠲᠠᠭᠤᠳᠠᠯ ᠢᠶᠠᠨ ᠨᠥᠬᠦᠪᠥᠷᠢᠯᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠡᠯ᠎ᠡ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠦᠨᠡᠨᠬᠦ ᠪᠣᠳᠠᠲᠠᠶ ᠠᠵᠢᠯᠯᠠᠵᠤ᠂ ᠦᠨᠡᠨᠬᠦ  ᠬᠠᠪᠰᠣᠷᠴᠣ ᠪᠣᠳᠠᠲᠠᠶ ᠲᠡᠳᠬᠦᠬᠦ ᠶᠢ ᠪᠡᠶᠡᠯᠡᠭᠦᠯᠵᠦ᠂ ᠲᠣᠰ ᠨᠢᠭᠡᠴᠡ ᠶᠢᠨ ᠢᠶᠠᠨ ᠳᠠᠪᠠᠭᠤᠯᠢᠭ ᠢ ᠪᠠᠳᠠᠷᠠᠭᠤᠯᠤᠨ᠂ ᠢᠯᠡᠭᠦᠬᠡᠨ ᠠᠷᠭ᠎ᠠ ᠰᠦᠪᠡᠭᠴᠢᠯᠡᠵᠦ᠂ ᠢᠯᠡᠭᠦᠤ ᠪᠣᠳᠠᠲᠠᠶ ᠠᠷᠭ᠎ᠠ ᠠᠪᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠪᠠᠨ ᠲᠣᠭᠲᠠᠭᠰᠠᠨ ᠬᠤᠭᠤᠴᠠᠭᠠᠨ ᠳᠤ ᠲᠤᠰᠢᠶᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号