29 ᠳ᠋ᠦ᠋ᠭᠡᠷ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ | ᠡᠬᠢᠯᠡᠪᠡ᠃ 4 ᠳ᠋ᠦ᠋ᠭᠡᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ | ᠭᠤᠷᠪᠠᠳᠤᠭᠠᠷ ᠪᠠᠶᠢᠴᠠᠭᠠᠬᠤ ᠲᠣᠪᠴᠢᠶ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ | ᠬᠤᠷᠢᠨᠭᠡᠷ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠱᠧᠩ ᠯᠧ ᠠᠭᠤᠳᠠᠮ ᠲᠠᠯᠠᠪᠠᠶ ᠳᠤ ︽ | ᠭᠠᠶᠢᠯᠢ ᠶᠢ ᠬᠥᠩᠭᠡᠯᠡᠨ ᠦᠢᠯᠡᠴᠢᠯᠡᠭᠡ ᠪᠠᠨ ᠰᠢᠯᠢᠳᠡᠭᠵᠢᠭᠦᠯᠵᠦ ᠦᠢᠯᠡᠳᠪᠦᠷᠢᠯᠡᠯ ᠢ ᠰᠡᠷᠭᠦᠭᠡᠬᠦ ᠳᠤ ᠳᠡᠮᠵᠢᠨ | ᠬᠦᠭᠵᠢᠯᠲᠡ ᠶᠢ ᠠᠬᠢᠭᠤᠯᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠠᠬᠤᠢ ᠲᠠᠯᠠᠪᠠᠶ ᠳᠤ᠂ ᠭᠠᠶᠢᠯᠢ ᠶᠢᠨ ᠬᠠᠤᠯᠢ ᠶᠢᠨ ᠠᠰᠠᠭᠤᠨ ᠯᠠᠪᠯᠠᠬᠤ ᠴᠡᠭ ᠭᠠᠷᠭᠠᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠭᠠᠰᠢ ᠴᠠᠭᠠᠰᠢ ᠣᠷᠴᠢᠬᠤ | ᠬᠦᠮᠦᠰ ᠲᠤ ᠭᠠᠶᠢᠯᠢ ᠬᠥᠩᠭᠡᠯᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ ᠶᠢ | ᠤᠬᠠᠭᠤᠯᠤᠨ ᠲᠠᠶᠢᠯᠪᠣᠷᠢᠯᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ | ᠦᠢᠯᠡᠳᠪᠦᠷᠢᠯᠡᠯ ᠢᠶᠠᠨ ᠰᠡᠷᠭᠦᠭᠡᠬᠦ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠲᠠᠶᠢᠯᠣᠮᠵᠢ ᠬᠢᠵᠦ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠬᠤᠪᠢ ᠬᠥᠮᠦᠨ ᠤ ᠠᠰᠢᠭ ᠣᠷᠣᠯᠭ᠎ᠠ ᠶᠢᠨ | ᠭᠠᠶᠢᠯᠢ ᠶᠢᠨ ᠬᠠᠯᠠᠮᠰᠢᠯ ᠪᠠ ᠬᠦᠴᠢᠷ ᠠᠰᠠᠭᠤᠳᠠᠯ ᠢ ᠲᠠᠶᠢᠯᠪᠣᠷᠢᠯᠠᠵᠣ ᠥᠭᠪᠡ᠃ ᠠᠵᠢᠯᠯᠠᠭ᠎ᠠ ᠶᠢᠨ ᠲᠤᠬᠠᠶ ᠶᠢᠨ | ᠡᠳᠦᠷ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 1300 ᠭᠠᠷᠤᠶ ᠬᠤᠪᠢ | ᠲᠠᠷᠬᠠᠭᠠᠪᠠ᠃ | ᠡᠨᠡ ᠵᠢᠯ ᠤᠨ ᠤᠬᠠᠭᠤᠯᠭ᠎ᠠ ᠶᠢᠨ ᠰᠠᠷ᠎ᠠ ᠶᠢᠨ ᠬᠤᠭᠤᠴᠠᠭ᠎ᠠ ᠶᠢ 50 ᠡᠳᠦᠷ ᠪᠣᠯᠲᠠᠯ᠎ᠠ ᠤᠷᠲᠤᠳᠬᠠᠵᠤ᠂ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠦᠢᠯᠡᠴᠢᠯᠡᠭᠡᠨ ᠤ ᠰᠢᠯᠢᠳᠡᠭᠵᠢᠭᠦᠯᠦᠯᠲᠡ ᠶᠢ | ᠠᠬᠢᠭᠤᠯᠬᠤ ᠪᠠᠷ ᠳᠠᠮᠵᠢᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠳᠤ ᠤᠯᠠᠮ ᠨᠢᠭᠡ ᠠᠯᠬᠤᠮ ᠬᠦᠴᠦᠨ | ᠨᠡᠮᠡᠷᠢᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠣᠨᠣᠪᠴᠢᠲᠠᠶ ᠪᠠᠷ ᠬᠠᠪᠰᠤᠷᠤᠨ | ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ | ᠪᠠᠳᠠᠷᠠᠭᠤᠯᠬᠤ ᠶᠢᠨ ᠬᠠᠮᠲᠤ ᠭᠠᠶᠢᠯᠢ ᠲᠠᠲᠠᠪᠤᠷᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ᠬᠦᠷᠲᠡᠭᠡᠮᠵᠢᠲᠦ | ᠲᠥᠷᠥᠭᠳᠡᠯ ᠢ ᠦᠨᠡᠨᠬᠦ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ | ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠵᠦ ᠪᠣᠢ᠃ |