| | | 2020 ᠣᠨ ᠤ 3 ᠳ᠋ᠤᠭᠠᠷ ᠰᠠᠷ᠎ᠠ ᠶᠢᠨ 6 ᠤ ᠡᠳᠦᠷ | ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ ᠵᠢᠩ ᠰᠢᠶᠠᠨ᠂ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠶᠢᠨ ᠠᠵᠢᠯᠲᠠᠨ ᠯᠢ ᠰᠢᠶᠣᠣ ᠢᠦᠢ | 1. ᠬᠠᠮᠢᠶᠠᠷᠤᠭᠴᠢ | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠣᠯᠣᠨ ᠬᠦᠬᠡᠬᠤᠳᠠ ᠶᠢᠨ ᠷᠠᠳᠢᠤ᠋ | ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠨᠡᠪᠳᠡᠷᠡᠭᠦᠯᠭᠡ ᠶᠢᠨ ᠬᠠᠮᠳᠤᠷᠠᠭᠰᠠᠨ ᠲᠤᠰᠬᠠᠢ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠨᠦᠭᠦᠳ ᠦᠭᠡ | ᠦᠯᠡᠳᠡᠭᠡᠵᠦ ᠵᠤᠴᠢᠨ ᠲᠠᠢ ᠶᠠᠷᠢᠯᠴᠠᠵᠤ ᠪᠤᠯᠤᠨ᠎ᠠ᠂ ᠢᠳᠡᠪᠬᠢᠳᠡᠢ ᠤᠷᠤᠯᠴᠠᠬᠤ ᠶᠢ ᠴᠢᠨᠢ ᠪᠠᠶᠠᠷᠯᠠᠨ ᠤᠭᠳᠤᠵᠤ ᠪᠠᠶᠢᠨ᠎ᠠ᠃ | 2. ᠬᠥᠲᠥᠯᠥᠭᠴᠢ | ᠡᠪᠡᠳᠴᠢᠨ ᠤ ᠸᠢᠷᠦ᠋ᠰ ᠲᠠᠭᠠᠷᠢᠵᠤ ᠢᠷᠡᠬᠦ ᠳᠤ ᠤᠯᠤᠰ ᠳᠠᠶᠠᠭᠠᠷ ᠢᠶᠠᠨ ᠡᠰᠡᠷᠭᠦᠴᠡᠨ ᠬᠤᠷᠢᠭᠯᠠᠪᠠ᠃ | 2020 ᠣᠨ ᠳᠤ ᠪᠣᠯᠣᠭᠰᠠᠨ ᠨᠢᠭᠡ ᠤᠳᠠᠭᠠᠨ ᠤ ᠭᠡᠨᠡᠳᠲᠡ ᠶᠢᠨ ᠬᠢᠵᠢᠭ ᠤᠨ ᠪᠠᠶᠢᠳᠠᠯ ᠨᠢ ᠬᠥᠮᠦᠰ ᠤᠨ ᠬᠥᠯ ᠢ ᠨᠠᠶᠢᠷ ᠴᠤᠭᠯᠠᠭᠠᠨ ᠠᠴᠠ ᠲᠠᠲᠠᠵᠤ᠂ | ᠬᠤᠲᠠ ᠶᠢᠨ ᠤᠤᠯ ᠤᠨ ᠬᠥᠭᠵᠢᠯ ᠪᠠᠳᠠᠷᠠᠯ ᠳᠤ ᠰᠡᠭᠦᠳᠡᠷ ᠲᠠᠲᠠᠪᠠ᠃ ᠭᠡᠪᠡᠴᠦ ᠡᠪᠡᠳᠴᠢᠨ ᠡᠮᠭᠡᠭ ᠤᠨ ᠡᠮᠦᠨ᠎ᠡ ᠡᠷᠡᠯᠬᠡᠭ ᠪᠠᠭᠠᠲᠤᠷᠯᠢᠭ ᠬᠥᠮᠦᠰ ᠨᠤᠭᠤᠷᠠᠭᠰᠠᠨ | ᠦᠭᠡᠢ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ | ᠲᠠᠯ᠎ᠠ ᠪᠠᠷ ᠥᠷᠨᠢᠭᠦᠯᠦᠨ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ | ᠵᠠᠰᠠᠵᠤ᠂ ᠠᠷᠭ᠎ᠠ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠦᠨᠡᠨ ᠠᠳᠬᠤᠨ ᠪᠣᠳᠠᠲᠠᠶ ᠠᠵᠢᠯᠯᠠᠵᠤ᠂ ᠴᠠᠭ | ᠬᠤᠭᠤᠴᠠᠭ᠎ᠠ ᠲᠠᠢ ᠤᠷᠤᠯᠳᠤᠨ᠂ ᠡᠪᠡᠳᠴᠢᠨ ᠡᠮᠭᠡᠭ ᠲᠠᠢ ᠦᠵᠡᠯᠴᠡᠵᠦ᠂ ᠬᠢᠵᠢᠭ ᠲᠠᠢ ᠲᠡᠮᠡᠴᠡᠬᠦ ᠳᠠᠶᠢᠯᠠᠯᠳᠤᠭᠠᠨ ᠤ ᠪᠥᠬᠦ ᠲᠠᠯ᠎ᠠ ᠶᠢᠨ ᠬᠦᠴᠦᠷᠬᠡᠭ ᠶᠡᠭᠡ | ᠬᠦᠴᠦᠨ ᠢ ᠨᠢᠭᠲᠠᠷᠠᠭᠤᠯᠤᠨ᠂ ᠬᠢᠵᠢᠭ ᠤᠨ ᠪᠠᠶᠢᠳᠠᠯ ᠤᠨ ᠦᠷᠭᠦᠯᠵᠢᠯᠡᠨ ᠲᠠᠷᠬᠠᠬᠤ ᠬᠠᠨᠳᠤᠰᠢ ᠶᠢ ᠬᠤᠷᠢᠭᠯᠠᠨ᠂ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ | ᠳᠠᠶᠢᠯᠠᠯᠳᠤᠭᠠᠨ ᠳᠤ ᠡᠷᠡᠰ ᠢᠯᠠᠯᠲᠠ ᠣᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠡᠷᠡᠰ | ᠬᠠᠮᠠᠭᠠᠯᠠᠬᠤ ᠪᠠᠷ ᠴᠢᠷᠮᠠᠶᠢᠪᠠ᠃ | 3. ᠬᠥᠲᠥᠯᠥᠭᠴᠢ | ᠶᠠᠭᠤᠨ ᠤ ᠤᠷᠢᠳ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠴᠢᠷᠮᠠᠶᠢᠭᠰᠠᠨ ᠶᠡᠷᠦᠩᠬᠡᠢ ᠪᠠᠶᠢᠳᠠᠯ ᠢ ᠲᠠᠨᠢᠯᠴᠠᠭᠤᠯᠵᠤ ᠥᠭᠭᠦᠨ᠎ᠡ ᠦᠦ︖ | 4. ᠯᠢ ᠵᠢᠩ ᠰᠢᠶᠠᠨ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠠᠷᠤᠢ ᠲᠦᠷᠭᠡᠨ ᠬᠥᠳᠡᠯᠦᠯᠴᠡᠨ᠂ ᠤᠷᠢᠳᠴᠢᠯᠠᠨ | ᠵᠢᠯᠣᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠣᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠵᠤ᠂ ᠡᠷᠡᠰ ᠴᠢᠩᠭ᠎ᠠ | ᠬᠦᠴᠦᠨ ᠲᠡᠭᠦᠯᠳᠡᠷ ᠠᠵᠢᠯᠯᠠᠭ᠎ᠠ ᠪᠠᠷ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠴᠠᠭ ᠲᠤᠬᠠᠢ ᠳᠤᠨᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾ ᠢ ᠲᠣᠭᠲᠠᠭᠠᠵᠤ᠂ ᠬᠠᠷᠢᠭᠤᠴᠠᠯᠭ᠎ᠠ ᠶᠢ ᠦᠳᠲᠡᠷ ᠲᠦᠷᠭᠡᠨ ᠨᠠᠶᠢᠳᠠᠪᠤᠷᠢᠵᠢᠭᠤᠯᠤᠨ᠂ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ᠂ ᠨᠢᠭᠡᠴᠡ ᠶᠢᠨ ᠬᠤᠭᠤᠷᠣᠨᠳᠣᠬᠢ | ᠬᠠᠮᠲᠤᠷᠠᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠦᠲᠦᠮᠵᠢᠲᠡᠶ ᠠᠵᠢᠯ ᠤᠨ ᠲᠣᠭᠲᠠᠴᠠ ᠶᠢ | ᠪᠦᠷᠢᠯᠳᠦᠭᠦᠯᠪᠡ᠃ ᠡᠭᠦᠨ ᠤ ᠵᠡᠷᠭᠡ ᠪᠠᠷ᠂ ᠪᠥᠬᠦ ᠨᠠᠮ ᠤᠨ ᠭᠡᠰᠢᠭᠦᠳ ᠢ ᠬᠠᠮᠤᠭ ᠤᠨ ᠡᠮᠦᠨ᠎ᠡ ᠭᠠᠪᠰᠢᠭᠠᠶᠢᠯᠠᠨ ᠠᠵᠢᠯᠯᠠᠬᠤ ᠶᠢ ᠤᠷᠢᠶᠠᠯᠠᠨ᠂ ᠺᠠᠳ᠋ᠷ ᠠᠵᠢᠯᠲᠠᠨ | ᠠᠵᠢᠯᠴᠢᠨ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ᠂ ᠬᠤᠷᠢᠶᠠᠯᠠᠯ ᠳᠤ ᠬᠦᠷᠴᠦ᠂ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠨᠠᠷᠢᠯᠢᠭ ᠥᠷᠨᠢᠭᠦᠯᠪᠡ᠃ | 5. ᠬᠥᠲᠥᠯᠥᠭᠴᠢ | ᠲᠡᠭᠡᠪᠡᠯ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠬᠡᠷᠬᠢᠨ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠨᠢᠭᠡᠴᠡ ᠪᠠᠨ | ᠵᠣᠬᠢᠴᠠᠭᠤᠯᠤᠨ ᠵᠣᠬᠢᠶᠠᠨ ᠪᠠᠶᠢᠭᠤᠯᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ | ᠣᠷᠣᠯᠴᠠᠭᠰᠠᠨ ᠪᠤᠢ︖ | 6. ᠯᠢ ᠵᠢᠩ ᠰᠢᠶᠠᠨ | ᠮᠠᠨ ᠤ ᠲᠣᠪᠴᠢᠶ᠎ᠠ ᠴᠠᠭ ᠳᠠᠷᠤᠢ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ | ᠳᠣᠣᠷ᠎ᠠ ᠨᠢ ᠵᠠᠷᠤᠳᠠᠯ ᠤᠨ ᠪᠠᠲᠤᠯᠠᠭ᠎ᠠ ᠶᠢᠨ ᠳᠤᠭᠤᠶᠢᠯᠠᠩ᠂ ᠶᠡᠷᠦᠩᠬᠡᠢ ᠵᠣᠬᠢᠴᠠᠭᠤᠯᠬᠤ ᠳᠤᠭᠤᠶᠢᠯᠠᠩ᠂ ᠰᠡᠷᠭᠡᠶᠢᠯᠡᠨ ᠡᠵᠡᠮᠳᠡᠬᠦ ᠵᠢᠯᠣᠭᠤᠳᠬᠤ ᠳᠤᠭᠤᠶᠢᠯᠠᠩ᠂ | ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠳᠤᠭᠤᠶᠢᠯᠠᠩ ᠪᠠ ᠪᠠᠶᠢᠭᠤᠯᠭ᠎ᠠ ᠶᠢᠨ ᠪᠠᠲᠤᠯᠠᠭ᠎ᠠ ᠶᠢᠨ ᠳᠤᠭᠤᠶᠢᠯᠠᠩ ᠢ ᠪᠠᠭᠲᠠᠭᠠᠭᠰᠠᠨ | 5 ᠠᠵᠢᠯ ᠤᠨ ᠳᠤᠭᠤᠶᠢᠯᠠᠩ ᠲᠣᠬᠢᠷᠠᠭᠤᠯᠵᠤ᠂ ᠨᠢᠭᠡᠳᠦᠯᠲᠡᠢ ᠤᠳᠤᠷᠢᠳᠤᠨ ᠵᠣᠬᠢᠶᠠᠨ ᠪᠠᠶᠢᠭᠤᠯᠤᠨ ᠵᠣᠬᠢᠴᠠᠭᠤᠯᠵᠤ ᠨᠠᠶᠢᠳᠠᠪᠤᠷᠢᠵᠢᠭᠤᠯᠬᠤ ᠶᠢ ᠠᠳᠬᠤᠪᠠ᠃ | ᠨᠢᠭᠡᠳᠦᠭᠡᠷ ᠳᠤᠭᠤᠶᠢᠯᠠᠩ ᠪᠣᠯ ᠵᠠᠷᠤᠳᠠᠯ ᠤᠨ ᠪᠠᠲᠤᠯᠠᠭ᠎ᠠ ᠶᠢᠨ ᠳᠤᠭᠤᠶᠢᠯᠠᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠨᠣᠰᠢᠯᠠᠨ ᠵᠠᠰᠠᠬᠤ | ᠡᠯ᠎ᠡ ᠵᠦᠢᠯ ᠤᠨ ᠠᠵᠢᠯ ᠳᠤ ᠱᠠᠭᠠᠷᠳᠠᠭᠳᠠᠬᠤ ᠵᠠᠷᠤᠳᠠᠯ ᠢ ᠪᠠᠲᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠮᠴᠢᠯᠡᠬᠦ᠂ ᠠᠷᠢᠭᠤᠳᠬᠠᠬᠤ | ᠵᠡᠷᠭᠡ ᠶᠢᠨ ᠡᠮ ᠲᠠᠩ᠂ ᠤᠷᠪᠠᠯᠵᠢ᠂ ᠲᠣᠨᠤᠭ ᠲᠥᠬᠦᠭᠡᠷᠦᠮᠵᠢ ᠵᠡᠷᠭᠡ ᠦᠨᠳᠦᠰᠦᠨ ᠬᠡᠷᠡᠭᠯᠡᠭᠡᠨ ᠤ ᠵᠠᠷᠤᠳᠠᠯ ᠢ ᠪᠠᠲᠤᠯᠠᠬᠤ᠂ ᠠᠪᠤᠷᠠᠨ ᠵᠠᠰᠠᠬᠤ᠂ ᠰᠡᠷᠭᠡᠶᠢᠯᠡᠨ | ᠡᠵᠡᠮᠳᠡᠬᠦ᠂ ᠪᠠᠶᠢᠴᠠᠭᠠᠯᠲᠠ ᠬᠢᠬᠦ ᠵᠢᠴᠢ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠨᠡᠶᠢᠭᠡᠮ ᠤᠨ ᠬᠥᠭᠵᠢᠯᠲᠡ ᠶᠢᠨ ᠲᠣᠭᠲᠠᠭᠤᠨ ᠳᠤ ᠱᠠᠭᠠᠷᠳᠠᠭᠳᠠᠬᠤ | ᠪᠤᠰᠤᠳ ᠦᠨᠳᠦᠰᠦᠨ ᠡᠳ᠋ ᠪᠣᠳᠠᠰ ᠤᠨ ᠵᠠᠷᠤᠳᠠᠯ ᠢ ᠪᠠᠲᠤᠯᠠᠬᠤ ᠶᠢ ᠬᠠᠷᠢᠭᠤᠴᠠᠪᠠ᠃ ᠡᠭᠦᠨ ᠤ ᠬᠠᠮᠲᠤ᠂ ᠬᠤᠲᠠ ᠶᠢᠨ ᠲᠤᠰ ᠱᠠᠲᠤᠨ ᠤ ᠰᠠᠩ ᠤᠨ ᠵᠣᠭᠤᠰ | ᠮᠥᠩᠭᠦ ᠶᠢ ᠬᠢᠨᠠᠨ ᠡᠵᠡᠮᠳᠡᠵᠦ᠂ ᠬᠤᠰᠢᠭᠤ ᠰᠢᠶᠠᠨ ᠲᠣᠭᠤᠷᠢᠭ ᠤᠨ ᠰᠠᠩ ᠤᠨ ᠵᠣᠭᠤᠰ ᠮᠥᠩᠭᠦ ᠶᠢᠨ ᠪᠠᠶᠢᠳᠠᠯ ᠢ ᠬᠢᠨᠠᠨ ᠡᠵᠡᠮᠳᠡᠵᠦ ᠵᠣᠬᠢᠴᠠᠭᠤᠯᠬᠤ ᠠᠵᠢᠯ ᠢ | ᠬᠠᠷᠢᠭᠤᠴᠠᠪᠠ᠃ 3 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ ᠶᠢᠨ 11 ᠴᠠᠭ ᠪᠣᠯᠲᠠᠯ᠎ᠠ᠂ ᠮᠠᠨ ᠤ ᠬᠤᠲᠠ ᠶᠢᠨ ᠲᠤᠰ ᠱᠠᠲᠤ ᠪᠠ | ᠬᠤᠰᠢᠭᠤ ᠰᠢᠶᠠᠨ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠨᠡᠶᠢᠲᠡ 12416.38 ᠲᠦᠮᠡᠨ ᠲᠥᠭᠦᠷᠢᠭ ᠪᠠᠭᠤᠯᠭᠠᠪᠠ᠃ | ᠡᠭᠦᠨ ᠳᠤ᠂ ᠬᠤᠲᠠ ᠶᠢᠨ ᠲᠤᠰ ᠱᠠᠲᠤ 2546.51 ᠲᠦᠮᠡᠨ ᠲᠥᠭᠦᠷᠢᠭ᠂ ᠬᠤᠰᠢᠭᠤ ᠰᠢᠶᠠᠨ ᠲᠣᠭᠤᠷᠢᠭ 9869.87 ᠲᠦᠮᠡᠨ ᠲᠥᠭᠦᠷᠢᠭ ᠪᠠᠭᠤᠯᠭᠠᠪᠠ᠃ | ᠡᠭᠦᠨ ᠤ ᠳᠣᠲᠣᠷ᠎ᠠ᠂ ᠪᠡᠯᠡᠳᠬᠡᠮᠵᠢ ᠪᠠ ᠰᠡᠷᠭᠡᠶᠢᠯᠡᠨ ᠡᠵᠡᠮᠳᠡᠬᠦ ᠡᠳ᠋ ᠪᠣᠳᠠᠰ ᠲᠤ 5703.71 ᠲᠦᠮᠡᠨ ᠲᠥᠭᠦᠷᠢᠭ᠂ ᠰᠡᠷᠭᠡᠶᠢᠯᠡᠨ ᠡᠵᠡᠮᠳᠡᠬᠦ | ᠠᠵᠢᠯᠲᠠᠳ ᠤᠨ ᠨᠥᠬᠦᠪᠦᠷᠢ ᠳᠤ 197.82 ᠲᠦᠮᠡᠨ ᠲᠥᠭᠦᠷᠢᠭ᠂ ᠡᠮᠴᠢᠯᠡᠭᠡᠨ ᠤ ᠠᠪᠤᠷᠠᠨ ᠵᠠᠰᠠᠬᠤ ᠳᠤ 23.2 ᠲᠦᠮᠡᠨ ᠲᠥᠭᠦᠷᠢᠭ ᠵᠠᠷᠤᠴᠠᠭᠤᠯᠵᠤ᠂ | ᠪᠤᠰᠤᠳ ᠤᠴᠢᠷ ᠲᠤ 2408.74 ᠲᠥᠭᠦᠷᠢᠭ ᠵᠠᠷᠤᠴᠠᠭᠤᠯᠪᠠ᠃ | ᠬᠤᠶᠠᠳᠤᠭᠠᠷ ᠨᠢ ᠶᠡᠷᠦᠩᠬᠡᠢ ᠵᠣᠬᠢᠴᠠᠭᠤᠯᠬᠤ ᠳᠤᠭᠤᠶᠢᠯᠠᠩ᠂ ᠪᠦᠬᠦ ᠬᠤᠲᠠ ᠶᠢᠨ ᠰᠡᠷᠭᠡᠶᠢᠯᠡᠨ ᠡᠵᠡᠮᠳᠡᠬᠦ ᠠᠵᠢᠯ ᠤᠨ ᠶᠡᠷᠦᠩᠬᠡᠢ ᠱᠠᠭᠠᠷᠳᠠᠯᠭ᠎ᠠ ᠶᠢ | ᠤᠯᠠᠮᠵᠢᠯᠠᠵᠤ᠂ ᠮᠠᠨ ᠤ ᠲᠣᠪᠴᠢᠶ᠎ᠠ ᠶᠢᠨ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠨ᠂ ᠪᠢᠴᠢᠭ ᠮᠠᠲ᠋ᠧᠷᠢᠶᠠᠯ ᠤᠨ | ᠴᠠᠭ ᠲᠠᠭᠠᠨ ᠡᠷᠭᠢᠯᠳᠦᠬᠦ ᠶᠢ ᠪᠠᠲᠤᠯᠠᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠲᠠᠢ ᠠᠵᠢᠯ | ᠵᠣᠬᠢᠴᠠᠭᠤᠯᠤᠨ ᠬᠠᠮᠵᠢᠯᠴᠠᠬᠤ ᠪᠠ ᠮᠡᠳᠡᠭᠡ ᠵᠠᠩᠭᠢ ᠰᠣᠯᠢᠯᠴᠠᠬᠤ ᠵᠡᠷᠭᠡ ᠠᠵᠢᠯ ᠢ ᠭᠤᠣᠯᠳᠠᠯᠭ᠎ᠠ ᠲᠠᠢ ᠬᠠᠷᠢᠭᠤᠴᠠᠪᠠ᠃ | ᠭᠤᠷᠪᠠᠳᠤᠭᠠᠷ ᠨᠢ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠳᠤᠭᠤᠶᠢᠯᠠᠩ᠂ ᠠᠯᠪᠠᠨ ᠰᠦᠯᠵᠢᠶ᠎ᠡ᠂ ᠵᠢᠷᠭᠢᠭᠡ᠂ ᠵᠠᠰᠠᠭ ᠤᠨ ᠶᠠᠪᠤᠳᠠᠯ ᠤᠨ ᠪᠢᠴᠢᠯ | ᠪᠦᠷᠭᠡ ᠪᠣᠯᠣᠨ LED ᠳᠡᠯᠭᠡᠴᠡ ᠵᠡᠷᠭᠡ ᠵᠠᠭᠤᠴᠢᠯᠠᠭᠤᠷ ᠢ ᠠᠰᠢᠭᠯᠠᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ | ᠨᠡᠶᠢᠲᠡᠯᠡᠨ᠂ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠵᠤ᠂ ᠡᠳ᠋ ᠤᠨ ᠵᠠᠰᠠᠭ ᠤᠨ ᠠᠵᠢᠯ ᠤᠨ ᠪᠠᠶᠢᠳᠠᠯ ᠳᠤ ᠬᠠᠷᠢᠭᠤ | ᠲᠤᠰᠬᠠᠬᠤ ᠠᠵᠢᠯ ᠢ ᠬᠠᠷᠢᠭᠤᠴᠠᠪᠠ᠃ | ᠳᠥᠷᠪᠡᠳᠦᠭᠡᠷ ᠨᠢ ᠰᠡᠷᠭᠡᠶᠢᠯᠡᠨ ᠡᠵᠡᠮᠳᠡᠬᠦ ᠵᠢᠯᠣᠭᠤᠳᠬᠤ ᠳᠤᠭᠤᠶᠢᠯᠠᠩ᠂ ᠲᠣᠪᠴᠢᠶ᠎ᠠ ᠶᠢᠨ ᠥᠪᠡᠷ ᠤᠨ ᠠᠵᠢᠯᠲᠠᠨ ᠤ ᠬᠠᠮᠢᠶᠠᠷᠤᠯᠲᠠ ᠡᠵᠡᠮᠳᠡᠯ ᠢ | ᠰᠠᠶᠢᠲᠤᠷ ᠬᠢᠵᠦ᠂ ᠴᠠᠭᠠᠨ ᠰᠠᠷ᠎ᠠ ᠶᠢᠨ ᠠᠮᠠᠷᠠᠯᠲᠠ ᠳᠤ ᠭᠠᠳᠠᠭᠰᠢ ᠭᠠᠷᠤᠭᠰᠠᠨ ᠬᠥᠮᠥᠨ ᠤ ᠪᠠᠶᠢᠭ᠎ᠠ ᠭᠠᠵᠠᠷ ᠤᠨ ᠶᠡᠷᠦᠩᠬᠡᠢ ᠪᠠᠶᠢᠳᠠᠯ᠂ ᠬᠤᠪᠢ ᠬᠥᠮᠥᠨ ᠤ | ᠭᠡᠷ ᠲᠡᠭᠡᠨ ᠰᠢᠨᠵᠢᠯᠡᠬᠦ ᠪᠠᠶᠢᠳᠠᠯ᠂ ᠬᠤᠪᠧᠢ ᠶᠢᠨ ᠬᠥᠮᠥᠨ ᠲᠠᠢ ᠣᠶᠢᠷᠠᠲᠤᠭᠰᠠᠨ ᠪᠠᠶᠢᠳᠠᠯ ᠵᠢᠴᠢ ᠪᠡᠶ᠎ᠡ ᠮᠠᠬᠠᠪᠤᠳ ᠤᠨ ᠪᠠᠶᠢᠳᠠᠯ ᠢ ᠣᠨᠣᠪᠴᠢᠲᠠᠢ ᠡᠵᠡᠮᠰᠢᠬᠦ᠂ | ᠭᠠᠳᠠᠭᠰᠢ ᠭᠠᠷᠤᠭᠰᠠᠨ ᠬᠥᠮᠥᠨ ᠤ ᠪᠤᠴᠠᠵᠤ ᠢᠷᠡᠬᠦ ᠴᠠᠭ᠂ ᠵᠠᠮ ᠬᠠᠷᠢᠯᠴᠠᠭᠠᠨ ᠤ ᠪᠠᠭᠠᠵᠢ ᠵᠡᠷᠭᠡ ᠶᠢ ᠡᠵᠡᠮᠰᠢᠬᠦ ᠶᠢ ᠬᠠᠷᠢᠭᠤᠴᠠᠪᠠ᠃ | ᠲᠠᠪᠤᠳᠤᠭᠠᠷ ᠨᠢ ᠪᠠᠶᠢᠭᠤᠯᠭ᠎ᠠ ᠶᠢᠨ ᠪᠠᠲᠤᠯᠠᠭ᠎ᠠ ᠶᠢᠨ ᠳᠤᠭᠤᠶᠢᠯᠠᠩ᠂ ᠪᠠᠶᠢᠭᠤᠯᠭ᠎ᠠ ᠶᠢᠨ ᠬᠠᠩᠭᠠᠯᠭ᠎ᠠ ᠶᠢᠨ ᠭᠠᠵᠠᠷ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ᠂ ᠠᠳᠠᠯ ᠠᠬᠤᠢ ᠶᠢᠨ ᠠᠵᠢᠯᠲᠠᠨ ᠤ ᠵᠢᠵᠢᠭᠦᠷ ᠤᠨ ᠠᠵᠢᠯ ᠢ | ᠲᠣᠬᠢᠷᠠᠭᠤᠯᠤᠨ ᠵᠣᠬᠢᠴᠠᠭᠤᠯᠬᠤ ᠶᠢ ᠬᠠᠷᠢᠭᠤᠴᠠᠪᠠ᠃ | 7. ᠬᠥᠲᠥᠯᠥᠭᠴᠢ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠦᠢᠯᠡᠴᠢᠯᠡᠭᠰᠡᠨ | ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠬᠡᠷᠡᠭᠯᠡᠭᠰᠡᠨ ᠪᠤᠢ︖ | 8. ᠯᠢ ᠵᠢᠩ ᠰᠢᠶᠠᠨ | ᠬᠤᠲᠠ ᠶᠢᠨ ᠨᠠᠮ ᠤᠨ ᠬᠤᠷᠢᠶ᠎ᠠ ᠵᠠᠰᠠᠭ ᠤᠨᠣᠷᠳᠣᠨ ᠤ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠦᠯᠢᠶᠡᠭᠰᠡᠨ ᠤ ᠳᠠᠷᠠᠭ᠎ᠠ᠂ ᠪᠢᠳᠠᠨ | ᠢᠳᠡᠪᠬᠢᠲᠡᠢ ᠬᠥᠳᠡᠯᠦᠯᠴᠡᠵᠦ᠂ ᠲᠡᠷᠡ ᠳᠠᠷᠤᠢ ᠪᠦᠬᠦ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷᠴᠤᠳ 184 ᠬᠥᠮᠥᠨ ᠢ ᠵᠣᠬᠢᠶᠠᠨ ᠪᠠᠶᠢᠭᠤᠯᠤᠨ᠂ ᠬᠤᠲᠣᠩ | ᠠᠷᠠᠳ ᠤᠨ ᠲᠣᠭᠤᠷᠢᠭ ᠤᠨ ᠬᠤᠸᠠᠢ ᠾᠧ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ᠂ ᠠᠵᠢᠯ ᠤᠨ ᠪᠠᠶᠢᠷᠢᠨ ᠳᠠᠭᠠᠨ ᠪᠠᠶᠢᠭ᠎ᠠ ᠨᠠᠮ ᠤᠨ ᠭᠡᠰᠢᠭᠦᠨ ᠤ | ᠰᠠᠭᠤᠭ᠎ᠠ ᠨᠡᠶᠢᠭᠡᠮ ᠲᠣᠭᠤᠷᠢᠭ ᠪᠣᠯᠣᠨ ᠰᠠᠶᠢᠬᠠᠨ ᠲᠣᠭᠤᠷᠢᠭ ᠤᠨ ᠴᠢᠶᠥᠥ ᠬᠤᠸᠠ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ 2900 ᠬᠥᠮᠥᠨ ᠤᠳᠠᠭ᠎ᠠ ᠪᠦᠬᠦ ᠬᠦᠴᠦᠨ ᠢᠶᠠᠷ ᠲᠤᠰᠠᠯᠠᠵᠤ᠂ ᠵᠣᠬᠢᠶᠠᠨ ᠪᠠᠶᠢᠭᠤᠯᠤᠨ ᠤᠳᠤᠷᠢᠳᠬᠤ᠂ ᠨᠡᠶᠢᠭᠡᠮ ᠲᠣᠭᠤᠷᠢᠭ ᠤᠨ ᠰᠡᠷᠭᠡᠶᠢᠯᠡᠨ | ᠡᠵᠡᠮᠳᠡᠬᠦ᠂ ᠨᠢᠭᠡᠳᠦᠭᠡᠷ ᠹᠷᠣᠨᠲ ᠢ ᠲᠤᠰᠠᠯᠠᠬᠤ᠂ ᠤᠬᠠᠭᠤᠯᠤᠨ ᠵᠢᠯᠣᠭᠤᠳᠬᠤ᠂ ᠦᠨᠳᠦᠰᠦᠨ ᠱᠠᠲᠤᠨ ᠤ ᠵᠠᠰᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ | ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠮᠥᠷᠲᠡᠭᠡᠨ ᠪᠣᠳᠠᠲᠠᠢ ᠬᠢᠪᠡ᠃ | ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠭᠰᠠᠨ ᠲᠠᠯ᠎ᠠ ᠪᠠᠷ | ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠬᠤᠶᠠᠷ ᠲᠤ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠠᠷᠤᠢ ᠲᠦᠷᠭᠡᠨ ᠲᠦᠷ ᠴᠠᠭ ᠤᠨ ᠨᠠᠮ ᠤᠨ ᠡᠭᠦᠷ ᠪᠠᠶᠢᠭᠤᠯᠪᠠ᠃ ᠭᠤᠷᠪᠠ ᠳᠤ᠂ ᠥᠪᠡᠷ ᠤᠨ ᠪᠡᠶ᠎ᠡ ᠪᠠᠷ ᠢᠶᠠᠨ | ᠳᠠᠭᠤᠷᠢᠶᠠᠯ ᠪᠣᠯᠣᠨ᠂ ᠤᠳᠤᠷᠢᠳᠬᠤ ᠪᠠᠭ ᠤᠨ ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠪᠡ᠃ | ᠬᠤᠶᠠᠷ᠂ ᠰᠢᠯᠢᠳᠡᠭ ᠬᠦᠴᠦᠨ ᠢ ᠪᠠᠭᠤᠯᠭᠠᠵᠤ᠂ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠲᠠᠯ᠎ᠠ ᠪᠠᠷ ᠨᠢᠭᠡ ᠳᠤ᠂ ᠬᠤᠰᠢᠭᠤᠴᠢ ᠶᠢᠨ | ᠦᠢᠯᠡᠳᠦᠯ ᠢ ᠪᠠᠳᠠᠷᠠᠭᠤᠯᠵᠤ᠂ ᠠᠵᠢᠯ ᠤᠨ ᠪᠠᠶᠢᠷᠢᠨ ᠳᠠᠭᠠᠨ ᠪᠠᠶᠢᠭ᠎ᠠ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠲᠤ ᠨᠡᠷ᠎ᠡ ᠮᠡᠳᠡᠭᠦᠯᠪᠡ | ᠃ ᠬᠤᠶᠠᠷ ᠲᠤ᠂ ᠺᠠᠳ᠋ᠷᠴᠤᠳ ᠢ ᠵᠣᠬᠢᠶᠠᠨ ᠪᠠᠶᠢᠭᠤᠯᠤᠨ ᠠᠶᠢᠯ ᠡᠷᠦᠬᠡ ᠳᠤ ᠣᠷᠣᠵᠤ ᠪᠠᠶᠢᠳᠠᠯ ᠢ ᠣᠶᠢᠯᠠᠭᠠᠨ᠂ ᠮᠡᠳᠡᠭᠡ ᠵᠠᠩᠭᠢ ᠶᠢᠨ ᠴᠠᠭ ᠲᠤᠬᠠᠶᠢᠴᠢ | ᠣᠨᠣᠪᠴᠢᠲᠠᠢ ᠪᠠᠶᠢᠬᠤ ᠶᠢ ᠪᠠᠲᠤᠯᠠᠪᠠ᠃ ᠭᠤᠷᠪᠠ ᠳᠤ᠂ ᠦᠢᠯᠡᠴᠢᠯᠡᠬᠦ ᠬᠦᠴᠦᠨ ᠢᠶᠠᠨ ᠴᠢᠩᠭᠠᠳᠬᠠᠵᠤ᠂ ᠺᠠᠳ᠋ᠷ ᠨᠡᠮᠡᠨ ᠵᠢᠵᠢᠭᠦᠷᠯᠡᠨ ᠰᠠᠬᠢᠪᠠ᠃ ᠳᠥᠷᠪᠡ ᠳᠤ᠂ | ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠤᠨ ᠬᠤᠷᠢᠭᠯᠠᠯᠲᠠ ᠶᠢᠨ ᠱᠤᠭᠤᠮ ᠢ | ᠪᠠᠬᠢᠵᠢᠭᠦᠯᠪᠡ᠃ ᠲᠠᠪᠤ ᠳᠤ᠂ ᠡᠷᠡᠭᠦᠯ ᠬᠠᠮᠠᠭᠠᠯᠠᠯ ᠤᠨ ᠪᠠᠶᠢᠴᠠᠭᠠᠯᠲᠠ ᠶᠢ ᠴᠢᠩᠭᠠᠳᠬᠠᠵᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠪᠠ᠃ | ᠭᠤᠷᠪᠠ᠂ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ᠂ ᠨᠢᠭᠡᠳᠦᠭᠡᠷ ᠹᠷᠣᠨᠲ ᠢ ᠲᠤᠰᠠᠯᠠᠬᠤ ᠪᠠᠨ ᠴᠢᠩᠭᠠᠳᠬᠠᠪᠠ᠃ ᠨᠢᠭᠡ ᠳᠤ᠂ ᠪᠠᠴᠢᠮ ᠬᠡᠷᠡᠭᠯᠡᠭᠳᠡᠬᠦ | ᠡᠳ᠋ ᠪᠣᠳᠠᠰ ᠢ ᠪᠦᠬᠦ ᠬᠦᠴᠦ ᠪᠠᠷ ᠢᠶᠠᠨ ᠴᠤᠭᠯᠠᠭᠤᠯᠵᠤ᠂ ᠬᠠᠩᠭᠠᠯᠭ᠎ᠠ ᠶᠢᠨ ᠱᠠᠭᠠᠷᠳᠠᠯᠭ᠎ᠠ ᠶᠢ ᠪᠠᠲᠤᠯᠠᠪᠠ᠃ ᠬᠤᠶᠠᠷ ᠲᠤ᠂ ᠠᠵᠢᠯᠲᠠᠨ ᠤ ᠠᠵᠢᠯᠯᠠᠵᠤ ᠠᠮᠠᠷᠠᠬᠤ | ᠣᠷᠣᠨ ᠪᠠᠶᠢᠷᠢ ᠶᠢ ᠰᠢᠢᠳᠪᠦᠷᠢᠯᠡᠵᠦ᠂ ᠵᠢᠵᠢᠭᠦᠷᠯᠡᠨ ᠰᠠᠬᠢᠬᠤ ᠶᠢ ᠡᠮᠬᠢ ᠵᠢᠷᠤᠮᠵᠢᠭᠤᠯᠪᠠ᠃ | ᠳᠥᠷᠪᠡ᠂ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠦ᠂ ᠤᠬᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠪᠡ᠃ | ᠲᠠᠪᠤ᠂ ᠬᠠᠮᠢᠶᠠᠷᠤᠯᠲᠠ ᠶᠢᠨ ᠰᠠᠶᠢᠨ ᠠᠷᠭ᠎ᠠ ᠶᠢ ᠬᠠᠮᠲᠤ ᠪᠠᠷ ᠰᠦᠪᠡᠭᠴᠢᠯᠡᠨ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠪᠠ᠃ | 9. ᠬᠥᠲᠥᠯᠥᠭᠴᠢ | ᠣᠷᠴᠢᠮᠬᠠᠨ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠲᠦᠯᠬᠢᠨ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠤ | ᠣᠷᠣᠯᠴᠠᠵᠤ ᠴᠢᠬᠤᠯᠠ ᠶᠠᠷᠢᠶ᠎ᠠ ᠲᠠᠯᠪᠢᠬᠤ ᠳᠠᠭᠠᠨ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠡᠷᠡᠰ | ᠪᠡᠶᠡᠯᠡᠭᠦᠯᠵᠦ᠂ ᠬᠢᠵᠢᠭ ᠤᠨ ᠪᠠᠶᠢᠳᠠᠯ ᠤᠨ ᠨᠥᠯᠥᠭᠡ ᠶᠢ ᠴᠢᠷᠮᠠᠶᠢᠨ ᠲᠡᠪᠴᠢᠵᠦ᠂ ᠡᠷᠬᠡᠪᠰᠢ ᠦᠷᠭᠦᠯᠵᠢᠯᠡᠨ ᠴᠢᠷᠮᠠᠶᠢᠨ᠂ ᠪᠣᠭᠤᠮᠲᠠ ᠰᠢᠪᠲᠤᠯᠬᠤ ᠠᠵᠢᠯ ᠢ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ ᠭᠡᠪᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ | ᠬᠠᠷᠢᠭᠤᠴᠠᠯᠭ᠎ᠠ ᠪᠠᠨ ᠬᠡᠷᠬᠢᠨ ᠱᠠᠲᠤ ᠱᠠᠲᠤ ᠪᠠᠷ ᠪᠣᠳᠠᠲᠠᠶᠢᠵᠢᠭᠤᠯᠤᠨ᠂ ᠠᠵᠢᠯ ᠢᠶᠠᠨ ᠪᠠᠶᠢᠷᠢᠯᠠᠭᠤᠯᠤᠭᠰᠠᠨ ᠪᠤᠢ︖ | 10. ᠯᠢ ᠰᠢᠶᠣᠣ ᠢᠦᠢ | 2020 ᠣᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠪᠦᠬᠦ | ᠲᠠᠯ᠎ᠠ ᠪᠠᠷ ᠣᠯᠵᠤ᠂ ᠴᠢᠨᠡᠭᠡᠯᠢᠭ ᠨᠡᠶᠢᠭᠡᠮ ᠢ ᠪᠠᠶᠢᠭᠤᠯᠬᠤ ᠰᠡᠭᠦᠯ ᠬᠤᠷᠢᠶᠠᠬᠤ ᠵᠢᠯ ᠪᠣᠯᠣᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ | ᠠᠵᠢᠯ ᠢ ᠦᠷᠭᠦᠯᠵᠢᠯᠡᠨ ᠰᠠᠶᠢᠨ ᠬᠢᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠶᠠᠳᠠᠭᠤ ᠶᠢ ᠪᠠᠭᠠᠰᠬᠠᠵᠤ ᠪᠠᠶᠠᠵᠢᠬᠤ ᠶᠢ ᠳᠠᠶᠢᠴᠢᠯᠠᠬᠤ ᠦᠢᠯᠡᠳᠦᠯ ᠢ ᠨᠡᠩ | ᠭᠦᠢᠴᠡᠳ ᠪᠠᠳᠠᠷᠠᠭᠤᠯᠬᠤ ᠨᠢ᠂ ᠣᠳᠣᠬᠠᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠭᠤᠣᠯᠳᠠᠯᠭ᠎ᠠ ᠲᠠᠢ | ᠡᠭᠦᠷᠭᠡ ᠮᠥᠨ᠃ ᠡᠭᠦᠨ ᠤ ᠲᠤᠰᠠᠳᠠ᠂ ᠡᠳ᠋ ᠤᠨ ᠵᠠᠰᠠᠭ ᠤᠨ ᠲᠣᠪᠴᠢᠶ᠎ᠠ ᠨᠢ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠩᠭᠠᠯᠭ᠎ᠠ ᠶᠢᠨ ᠰᠢᠰᠲ᠋ᠧᠮᠵᠢ ᠶᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠳᠤ ᠲᠣᠬᠢᠷᠠᠭᠤᠯᠤᠯᠲᠠ ᠬᠢᠵᠦ᠂ ᠲᠥᠪᠯᠡᠷᠡᠭᠰᠡᠨ ᠡᠳ᠋ ᠤᠨ | ᠬᠦᠴᠦᠨ ᠢᠶᠠᠷ ᠳᠤᠲᠠᠭᠤᠳᠠᠯ ᠢᠶᠠᠨ ᠨᠥᠬᠦᠪᠦᠷᠢᠯᠡᠨ᠂ ᠪᠠᠭᠤᠷᠠᠢ ᠪᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠯᠭᠠᠮᠵᠢ ᠬᠦᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠡᠭᠦᠷᠭᠡ ᠶᠢᠨ ᠲᠣᠭᠲᠠᠭᠰᠠᠨ ᠬᠤᠭᠤᠴᠠᠭᠠᠨ ᠳᠠᠭᠠᠨ ᠪᠦᠬᠦ ᠲᠠᠯ᠎ᠠ ᠪᠠᠷ ᠪᠡᠶᠡᠯᠡᠭᠳᠡᠬᠦ ᠶᠢ ᠪᠠᠲᠤᠯᠠᠪᠠ᠃ | ᠨᠢᠭᠡ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠪᠡ᠃ ︽ᠶᠠᠳᠠᠭᠤ ᠶᠢ ᠲᠡᠳᠬᠦᠬᠦ ᠪᠡᠯᠡ ᠮᠥᠩᠭᠦ ᠶᠢᠨ | ᠣᠷᠣᠭᠤᠯᠤᠯᠲᠠ ᠪᠠᠨ ᠪᠠᠭᠤᠷᠠᠭᠤᠯᠬᠤ ᠦᠭᠡᠢ︾ ᠠᠵᠢᠯ ᠤᠨ ᠵᠠᠷᠴᠢᠮ ᠢ ᠪᠠᠷᠢᠮᠲᠠᠯᠠᠨ᠂ 2020 ᠣᠨ ᠤ ᠬᠤᠲᠠ ᠶᠢᠨ ᠲᠡᠰ ᠤᠨ ᠶᠠᠳᠠᠭᠤ ᠶᠢ ᠲᠡᠳᠬᠦᠬᠦ | ᠲᠥᠷᠥᠯ ᠵᠦᠢᠯ ᠤᠨ ᠲᠥᠰᠥᠪ ᠲᠤ 3.3 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠵᠠᠰᠠᠭ ᠤᠨ ᠣᠷᠳᠣᠨ ᠤ ᠣᠷᠣᠭᠤᠯᠤᠯᠲᠠ ᠶᠢᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠠᠬᠢ ᠵᠢᠯᠣᠭᠤᠳᠬᠤ ᠪᠠᠶᠢᠷᠢ ᠰᠠᠭᠤᠷᠢ ᠶᠢ ᠢᠳᠡᠪᠬᠢᠲᠡᠢ ᠪᠠᠳᠠᠷᠠᠭᠤᠯᠪᠠ᠃ | ᠬᠤᠶᠠᠷ᠂ ᠪᠡᠯᠡ ᠮᠥᠩᠭᠦ ᠶᠢᠨ ᠣᠷᠣᠭᠤᠯᠤᠯᠲᠠ ᠶᠢ ᠶᠠᠳᠠᠭᠤ ᠬᠦᠴᠢᠷᠳᠡᠯᠲᠡᠢ ᠭᠠᠵᠠᠷ ᠣᠷᠣᠨ ᠤᠷᠤᠭᠤ ᠬᠡᠯᠪᠡᠶᠢᠯᠭᠡᠬᠦ ᠶᠢ ᠪᠠᠷᠢᠮᠲᠠᠯᠠᠪᠠ᠃ | ᠭᠤᠷᠪᠠ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠶᠢ ᠴᠢᠩᠭᠠᠳᠬᠠᠪᠠ᠃ | ᠳᠥᠷᠪᠡ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ | 11. ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ ᠵᠢᠩ ᠰᠢᠶᠠᠨ᠂ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠶᠢᠨ ᠠᠵᠢᠯᠲᠠᠨ ᠯᠢ ᠰᠢᠶᠣᠣ ᠢᠦᠢ ᠳᠤ ᠲᠠᠯᠠᠷᠬᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠤᠭᠰᠠᠨ ᠳᠤ ᠲᠠᠯᠠᠷᠬᠠᠯ᠎ᠠ᠃ ᠡᠨᠡ | ᠤᠳᠠᠭ᠎ᠠ ᠶᠢᠨ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠃ |