2020 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ | ᠬᠤᠷᠢᠶ᠎ᠠ ᠶᠢᠨ ᠱᠦᠵᠢ ᠶᠦᠨ ᠯᠢᠨ ᠴᠢᠶᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠶ ᠾᠧ | ᠰᠢᠶᠠᠨ ᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠬᠤ ᠶᠢᠨ ᠬᠤᠷᠢᠶ᠎ᠠ ᠶᠢᠨ 125 | ᠳ᠋ᠤᠭᠠᠷ ᠬᠤᠷᠠᠯ ᠵᠢᠴᠢ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ | ᠳᠤᠭᠤᠶᠢᠯᠠᠩ ᠤᠨ 2020 ᠣᠨ ᠤ 11 ᠳ᠋ᠦ᠋ᠭᠡᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ 4 ᠳ᠋ᠦ᠋ᠭᠡᠷ ᠰᠠᠷ᠎ᠠ | ᠶᠢᠨ 8 ᠤ ᠡᠳᠦᠷ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠦᠬᠠᠨ ᠬᠤᠲᠠ ᠶᠢᠨ ᠳ᠋ᠦᠩ ᠬᠤ᠋ ᠨᠡᠶᠢᠭᠡᠮ | ᠲᠣᠭᠤᠷᠢᠭ ᠤᠨ ᠪᠥᠬᠦ ᠠᠵᠢᠯᠲᠠᠳ ᠲᠤ ᠥᠭᠭᠦᠭᠰᠡᠨ ᠬᠠᠷᠢᠭᠤ ᠵᠠᠬᠢᠳᠠᠯ᠂ ᠲᠥᠪ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 24 ᠳ᠋ᠦ᠋ᠭᠡᠷ ᠤᠳᠠᠭ᠎ᠠ ᠶᠢᠨ | ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠥᠬᠡᠶ ᠦᠶᠯᠡᠳᠪᠦᠷᠢᠯᠡᠯ ᠤᠨ ᠲᠤᠬᠠᠶ | ᠴᠢᠬᠤᠯᠠ ᠵᠢᠭᠠᠪᠤᠷᠢ᠂ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠪᠥᠬᠦ | ᠤᠯᠤᠰ ᠤᠨ ᠠᠶᠤᠯ ᠥᠬᠡᠶ ᠦᠶᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ᠂ | ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ 205 ᠳ᠋ᠤᠭᠠᠷ ᠤᠳᠠᠭᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 12 ᠳ᠋ᠤᠭᠠᠷ | ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠳᠤᠭᠤᠶᠢᠯᠠᠩ ᠤᠨ ︽ᠱᠢ ᠲᠠᠢ ᠹᠧᠩ ᠱᠦᠵᠢ ᠶᠢᠨ ᠬᠡᠰᠡᠭ ᠠᠶᠢᠮᠠᠭ ᠬᠤᠲᠠ ᠬᠤᠰᠢᠭᠤ ᠰᠢᠶᠠᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠯᠲᠠ ᠰᠢᠪᠲᠤᠯᠬᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠠᠷᠢᠨ | ᠪᠠᠶᠢᠳᠠᠯ ᠢ ᠣᠶᠢᠯᠭᠠᠵᠤ ᠵᠢᠭᠰᠠᠭᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠳᠤᠷ ᠬᠢᠬᠦ ᠲᠤᠬᠠᠶ ᠮᠡᠳᠡᠭᠳᠡᠯ | ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠠᠵᠢᠯ ᠤᠨ ᠬᠠᠷᠢᠭᠤ | ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ | ᠰᠢᠶᠠᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ | ᠠᠬᠢᠭᠤᠯᠤᠭᠰᠠᠨ ᠪᠠᠶᠢᠳᠠᠯ ᠢ ᠰᠣᠨᠣᠰᠤᠭᠰᠠᠨ ᠪᠥᠭᠡᠳ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ | ᠤᠨ ᠶᠡᠷᠦᠩᠬᠡᠢ ᠠᠩᠭᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶ᠎ᠡ ᠦᠵᠡᠭᠦᠯᠬᠦ ᠰᠢᠶᠠᠨ | ᠢ ᠡᠭᠦᠳᠦᠨ ᠪᠠᠶᠢᠭᠤᠯᠬᠤ ᠲᠤᠬᠠᠶ 34 ᠦᠯᠢᠭᠡᠷ ᠳᠠᠭᠤᠷᠢᠶᠠᠯ ᠲᠣᠰᠬᠤᠨ ᠤ ᠰᠢᠮᠳᠠᠭᠤᠯᠤᠨ ᠪᠠᠶᠢᠴᠠᠭᠠᠭᠰᠠᠨ ᠪᠠᠶᠢᠳᠠᠯ᠂ | ︽ᠪᠥᠬᠦ ᠲᠠᠯ᠎ᠠ ᠪᠠᠷ ᠪᠠᠲᠤ ᠴᠢᠩᠭ᠎ᠠ᠂ ᠡᠮᠦᠨ᠎ᠡ ᠡᠩᠨᠡᠭᠡᠨ ᠳᠤ ᠶᠠᠪᠤᠬᠤ︾ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠬᠡᠰᠡᠭ ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢ ᠰᠣᠨᠣᠰᠤᠭᠰᠠᠨ ᠪᠥᠭᠡᠳ | ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ | ᠬᠤᠷᠠᠯ ᠠᠴᠠ ︽ᠴᠢᠩ ᠱᠦᠢ ᠾᠧ ᠰᠢᠶᠠᠨ ᠤ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠬᠤ ᠠᠵᠢᠯ ᠤᠨ ᠬᠤᠪᠢᠶᠠᠷᠢᠯᠠᠯ ᠤᠨ ᠲᠥᠰᠦᠯ︾᠂ | ︽ᠴᠢᠩ ᠱᠦᠢ ᠾᠧ ᠰᠢᠶᠠᠨ ᠤ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠬᠡᠷᠡᠭᠵᠢᠭᠦᠯᠬᠦ ᠲᠥᠰᠦᠯ︾᠂ ︽ | ᠴᠢᠩ ᠱᠦᠢ ᠾᠧ ᠰᠢᠶᠠᠨ ᠤ ︿ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ﹀ ᠤ ᠲᠤᠰᠬᠠᠢ | ᠠᠵᠢᠯᠯᠠᠭ᠎ᠠ ᠶᠢᠨ ᠲᠥᠰᠦᠯ︾ ᠪᠠ ︽2020 ᠣᠨ ᠤ ᠪᠦᠬᠦ ᠰᠢᠶᠠᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ | ᠠᠵᠢᠯ ᠤᠨ ᠲᠥᠯᠥᠪᠯᠡᠭᠡ︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠴᠢᠩ | ᠱᠦᠢ ᠾᠧ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠤᠨ ᠶᠡᠷᠦᠩᠬᠡᠢ ᠠᠩᠬᠢ ᠶᠢᠨ ᠳᠠᠷᠤᠭ᠎ᠠ᠂ ᠶᠡᠷᠦᠩᠬᠡᠢ ᠠᠩᠬᠢ ᠶᠢᠨ ᠳᠡᠳ᠋ ᠳᠠᠷᠤᠭ᠎ᠠ᠂ ᠬᠤᠳᠠ ᠶᠢᠨ ᠴᠢᠩ ᠱᠦᠢ ᠾᠧ | ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠮᠳᠠᠭᠤᠯᠤᠨ | ᠵᠢᠯᠣᠭᠤᠳᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠤ ᠭᠤᠣᠯ ᠤᠳᠤᠷᠢᠳᠤᠯᠭ᠎ᠠ ᠪᠣᠯᠤᠨ | ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ | ᠬᠤᠷᠠᠯ ᠳᠤ ᠰᠤᠯᠠ ᠣᠷᠣᠯᠴᠠᠪᠠ᠃ |