ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨ ᠠᠵᠤ ᠠᠬᠤᠶᠢᠯᠠᠯ ᠢ ᠬᠠᠪᠰᠤᠷᠤᠨ ᠠᠵᠤ ᠦᠢᠯᠡᠰ ᠤᠨ ᠬᠡᠯᠬᠢᠶ᠎ᠡ ᠶᠢ ᠨᠡᠪᠲᠡᠷᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020-04-20
     3 ᠳ᠋ᠤᠭᠠᠷ ᠰᠠᠷ᠎ᠠ ᠶᠢᠨ ᠰᠡᠭᠦᠯᠴᠢ ᠠᠴᠠ ᠨᠠᠭᠠᠰᠢ᠂ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ  ᠭᠠᠶᠢᠯᠢ ᠶᠢᠨ ᠣᠷᠣᠯᠭ᠎ᠠ ᠶᠢᠨ ᠲᠣᠮᠣ ᠳ᠋ᠠᠶᠢᠲ᠋ᠠ ᠪᠠᠷ ᠣᠨᠣᠪᠴᠢᠲᠠᠢ ᠵᠠᠳᠠᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ ᠱᠠᠭᠠᠷᠳᠠᠯᠭ᠎ᠠ ᠪᠠᠷ ᠭᠠᠷᠳᠠᠴᠠ ᠪᠣᠯᠭᠠᠨ᠂ ︽ᠱᠠᠭᠠᠷᠳᠠᠯᠭ᠎ᠠ ᠪᠠᠷ ᠬᠠᠩᠭᠠᠯᠭ᠎ᠠ ᠶᠢ ᠡᠷᠢᠬᠦ︾ ︽ᠬᠤᠳᠠᠯᠳᠤᠨ ᠠᠪᠬᠤ ᠪᠠᠷ ᠬᠠᠩᠭᠠᠯᠭ᠎ᠠ ᠶᠢ ᠡᠷᠢᠬᠦ︾ ᠰᠡᠳᠬᠢᠬᠦᠢ ᠶᠣᠰᠣᠭᠠᠷ᠂ ᠬᠠᠩᠭᠠᠯᠭ᠎ᠠ ᠪᠣᠷᠣᠯᠠᠭᠤᠯᠭ᠎ᠠ ᠬᠤᠶᠠᠷ ᠲᠠᠯ᠎ᠠ ᠠᠴᠠ ᠵᠠᠳᠠᠯᠤᠯᠲᠠ ᠬᠢᠵᠦ᠂ ᠭᠠᠶᠢᠯᠢ ᠶᠢᠨ ᠣᠷᠣᠯᠭ᠎ᠠ ᠶᠢᠨ ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠲᠠᠪᠴᠠᠩ ᠢ ᠬᠡᠷᠡᠭᠯᠡᠨ᠂ ᠠᠵᠤ ᠠᠬᠤᠶᠢᠯᠠᠯ ᠢ ᠬᠠᠪᠰᠤᠷᠤᠨ ᠠᠵᠤ ᠦᠢᠯᠡᠰ ᠤᠨ ᠬᠡᠯᠬᠢᠶ᠎ᠡ ᠶᠢ ᠨᠡᠪᠲᠡᠷᠡᠭᠦᠯᠪᠡ᠃ ᠣᠳᠣᠬᠠᠨ ᠪᠣᠯᠲᠠᠯ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠴᠡᠭ ᠠᠴᠠ ᠴᠡᠭ ᠲᠤ︾ ᠮᠠᠶ᠋ᠢᠭ ᠢᠶᠠᠷ 31 ᠠᠵᠤ ᠠᠬᠤᠶᠢᠯᠠᠯ ᠢ ᠬᠠᠪᠰᠤᠷᠤᠨ ᠳᠡᠮᠵᠢᠵᠦ᠂ ᠪᠦᠬᠦ ᠤᠯᠤᠰ ᠤᠨ ᠬᠡᠪᠴᠢᠶᠡᠨ ᠳᠤ 730 ᠬᠠᠩᠭᠠᠯᠭ᠎ᠠ ᠶᠢᠨ ᠠᠵᠤ ᠠᠬᠤᠶᠢᠯᠠᠯ ᠢ ᠲᠣᠬᠢᠷᠠᠭᠤᠯᠵᠠᠢ᠃ ᠰᠤᠷᠪᠤᠯᠵᠢᠯᠠᠭᠴᠢ ᠵᠠᠩ ᠶᠠᠨ ᠹᠧᠩ  ᠴᠢᠮᠡᠭᠡᠯᠡᠭᠴᠢ ᠶᠠᠩ ᠽᠧ  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号