ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2020-04-20
     ᠣᠶᠢᠷ᠎ᠠ ᠶᠢᠨ ᠵᠢᠯ ᠠᠴᠠ᠂ ᠬᠦᠬᠡᠬᠤᠳᠠ ᠶᠢᠨ ᠲᠤᠭᠳᠠᠬᠤ ᠰᠢᠶᠠᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠦᠬᠦᠪᠦᠷᠢ ᠦᠭᠬᠦ ᠲᠦᠷᠦ ᠶᠢᠨ ᠪᠣᠳᠣᠯᠭ᠎ᠠ ᠶᠢ ᠬᠡᠷᠡᠭᠵᠢᠬᠦᠯᠬᠦ᠂ ᠲᠠᠷᠢᠶᠠᠯᠠᠩ ᠤᠨ ᠮᠠᠰᠢᠨ ᠢ ᠵᠢᠯᠤᠭᠤᠳᠬᠤ ᠴᠢᠳᠠᠪᠤᠷᠢ ᠶᠢᠨ ᠪᠤᠯᠪᠠᠰᠤᠷᠠᠯ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠪᠠᠶᠢᠴᠠᠭᠠᠯᠳᠠ ᠶᠢ ᠴᠢᠩᠭᠠᠳᠬᠠᠬᠤ ᠵᠡᠷᠬᠡ ᠠᠷᠭ᠎ᠠ ᠬᠡᠮᠵᠢᠶ᠎ᠡ ᠪᠠᠷ ᠲᠠᠮᠵᠢᠭᠤᠯᠤᠨ᠂ ᠲᠠᠷᠢᠶᠠᠴᠢᠳ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠢᠳᠡᠪᠬᠢᠵᠢᠯ ᠢ ᠲᠡᠶᠢᠴᠢᠯᠡᠵᠥ᠂ ᠲᠠᠷᠢᠶᠠᠯᠠᠩ ᠤᠨ ᠮᠠᠰᠢᠠᠴᠢᠯᠠᠬᠰᠠᠠ ᠦᠢᠯᠡᠳᠪᠤᠷᠢᠯᠡᠯ ᠤᠨ ᠲᠦᠪᠰᠢᠨ ᠢ ᠲᠠᠰᠤᠷᠠᠯᠳᠡ ᠦᠬᠡᠢ ᠲᠡᠭᠡᠭᠰᠢᠯᠡᠬᠦᠯᠪᠡ᠃ ᠲᠤᠰ ᠰᠢᠶᠠᠨ ᠤ ᠲᠠᠷᠢᠶᠠᠯᠠᠩ ᠤᠨ ᠮᠠᠰᠢᠨ ᠤ ᠰᠠᠯᠠᠭ᠎ᠠ ᠮᠦᠴᠢᠷ ᠤᠨ ᠲᠤᠭ᠎ᠠ ᠪᠠᠷᠢᠮᠳᠡ ᠠᠴᠠ ᠦᠵᠡᠪᠡᠯ᠂ ᠡᠨᠡ ᠵᠢᠯ ᠪᠦᠬᠦ ᠰᠢᠶᠠᠨ ᠤ ᠬᠠᠪᠤᠷ ᠤᠨ ᠲᠠᠷᠢᠶᠠᠯᠠᠭ᠎ᠠ ᠳᠤ 12430 ᠰᠠᠭᠤᠷᠢ ︵ᠲᠦᠬᠦᠷ︶ ᠲᠠᠷᠢᠶᠠᠯᠠᠩ ᠤᠨ ᠮᠠᠰᠢᠨ ᠪᠠᠭᠠᠵᠢ ᠶᠢ ᠤᠷᠤᠯᠴᠠᠭᠤᠯᠵᠥ᠂ ᠮᠠᠰᠢᠨᠴᠢᠯᠠᠬᠰᠠᠠ ᠶᠡᠷᠤᠩᠬᠡᠶᠢᠯᠡᠭᠰᠡᠡ ᠲᠠᠷᠢᠬᠤ ᠲᠦᠪᠰᠢᠨ 94.4% ᠳᠤ ᠬᠦᠷᠦᠭᠰᠡᠡ ᠪᠠᠶᠢᠨ᠎ᠠ᠃ ᠵᠢᠷᠤᠭ ᠪᠤᠯ 4 ᠰᠠᠷ᠎ᠠ ᠶᠢᠨ 18 ᠤ ᠡᠳᠤᠷ᠂ ᠲᠤᠰ ᠰᠢᠶᠠᠨ ᠤ ᠰᠢᠨ᠎ᠡ ᠠᠶᠢᠯ ᠪᠠᠯᠭᠠᠰᠤᠨ ᠤ ᠬᠠᠳᠠᠭᠤ ᠠᠶᠢᠯ ᠲᠤᠰᠬᠤᠨ ᠤ ᠠᠷᠠᠳ ᠲᠠᠷᠢᠶ᠎ᠠ ᠲᠠᠷᠢᠵᠥ ᠪᠠᠶᠢᠭ᠎ᠠ ᠨᠢ᠃ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠵᠧᠩ ᠰᠢᠤᠸᠠᠢ ᠯᠢᠶᠠᠩ ᠴᠢᠮᠡᠬᠡᠯᠡᠭᠴᠢ ᠮᠠ ᠪᠢᠨ ᠰᠡᠭᠦᠳᠡᠷᠯᠡᠪᠡ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号