ᠮᠠᠨ ᠤ ᠬᠤᠲᠠ ᠶᠢᠨ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠰᠢᠷᠪᠢᠨ ᠡᠮᠴᠢᠯᠡᠭᠦᠯᠵᠦ ᠡᠮ ᠠᠪᠴᠤ ᠪᠣᠯᠣᠨ᠎ᠠ
ᠨᠡᠶᠢᠲᠡᠯᠡᠭᠰᠡᠨ ᠴᠠᠭ᠄
2020-04-20
ᠣᠳᠣᠬᠠᠨ ᠪᠣᠯᠲᠠᠯ᠎ᠠ ᠨᠢᠭᠡᠨᠲᠡ 2 ᠳᠠᠭᠤᠷᠢᠶᠠᠯ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ︽ᠨᠢᠭᠡ ᠥᠷᠲᠡᠭᠡ ᠮᠠᠶ᠋ᠢᠭ︾ ᠤᠨ ᠳ᠋ᠦᠩᠨᠡᠨ ᠪᠣᠳᠣᠬᠤ ᠶᠢ ᠬᠡᠷᠡᠭᠵᠢᠭᠦᠯᠪᠡ       ︵ᠰᠤᠷᠪᠤᠯᠵᠢᠯᠠᠭᠴᠢ ᠯᠢᠶᠠᠩ ᠵᠢᠩ ᠱᠤ᠋︶ ᠲᠦᠷᠦᠭᠦᠬᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ  ᠣᠶᠢᠯᠠᠭᠠᠭᠰᠠᠨ ᠢᠶᠠᠷ᠂ ᠮᠠᠨ ᠤ ᠬᠤᠲᠠ ᠠᠴᠠ ᠠᠩᠬᠠᠯᠠᠨ ᠰᠢᠨ᠎ᠡ ᠬᠤᠲᠠ ᠲᠣᠭᠤᠷᠢᠭ ᠤᠨ ᠳᠠᠭᠤᠷᠢᠶᠠᠯ  ᠰᠢᠶᠠᠩ ᠬᠠᠭᠤᠴᠢᠨ ᠠᠶᠢᠯ ᠤᠨ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠬᠠᠷᠠᠴᠢᠨ᠂ ᠲᠣᠰᠬᠤ 2 ᠳᠠᠭᠤᠷᠢᠶᠠᠯ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠵᠠᠷᠤᠳᠠᠯ ᠢ ᠰᠦᠯᠵᠢᠶᠡᠨ ᠳᠡᠭᠡᠷ᠎ᠡ ᠲᠡᠷᠡ ᠳᠠᠷᠤᠢ ᠳᠤᠨᠢ ᠲᠠᠰᠤᠯᠠᠨ ᠪᠣᠳᠣᠬᠤ ᠶᠢ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠰᠢᠷᠪᠢᠵᠦ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠲᠤ  ᠡᠮᠴᠢᠯᠡᠭᠦᠯᠦᠨ ᠡᠮ  ᠠᠪᠬᠤ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠡᠮᠴᠢᠯᠡᠭᠡᠨ ᠤ ᠬᠠᠷᠠᠭᠠᠯᠵᠠᠯ ᠢ ᠬᠦᠷᠲᠡᠵᠦ ᠪᠣᠯᠬᠤ ᠪᠣᠯᠵᠠᠢ᠃      ᠣᠶᠢᠯᠠᠭᠠᠭᠰᠠᠨ ᠢᠶᠠᠷ᠂ ᠰᠢᠶᠠᠩ ᠪᠠᠯᠭᠠᠰᠤ᠂ ᠲᠣᠰᠬᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠶᠢᠷ᠎ᠠ ᠬᠠᠪᠢ ᠳᠠᠭᠠᠨ ᠡᠮᠨᠡᠭᠦᠯᠵᠦ ᠡᠮ ᠬᠤᠳᠠᠯᠳᠤᠨ ᠠᠪᠬᠤ ᠳᠤ ᠲᠥᠬᠦᠮ ᠦᠵᠡᠭᠦᠯᠵᠦ᠂ ᠬᠤᠲᠠ ᠬᠥᠳᠡᠭᠡ ᠶᠢᠨ ᠰᠠᠭᠤᠭᠠᠯᠢ  ᠠᠷᠠᠳ  ᠪᠠᠭ᠎ᠠ ᠡᠪᠡᠳᠴᠢᠨ ᠳᠤ ᠲᠣᠰᠬᠤᠨ ᠠᠴᠠ ᠭᠠᠷᠬᠤ ᠥᠬᠡᠶ᠂ ᠡᠩ ᠤᠨ ᠡᠪᠡᠳᠴᠢᠨ ᠳᠤ ᠰᠢᠶᠠᠨ ᠠᠴᠠ ᠭᠠᠷᠬᠤ ᠥᠬᠡᠶ  ᠂ ᠬᠡᠷ ᠤᠨ ᠡᠭᠦᠳᠡᠨ  ᠳᠤ ᠨᠢ ᠳᠥᠭᠦᠮ ᠳᠥᠲᠡ ᠡᠮ ᠡᠮᠨᠡᠯᠭᠡ ᠶᠢᠨ ᠦᠢᠯᠡᠴᠢᠯᠡᠭᠡ  ᠭᠦᠷᠳᠡᠭᠡᠬᠦ ᠶᠢᠨ ᠲᠥᠯᠥᠭᠡ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠵᠢᠯᠴᠠᠨ᠂ ᠰᠢᠶᠠᠨ᠂ ᠰᠢᠶᠠᠩ᠂ ᠲᠣᠰᠬᠤᠨ ᠤ ᠡᠮᠴᠢᠯᠡᠭᠡᠨ ᠤ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠲᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠯᠠᠨ ᠤᠳᠠᠭᠠᠨ ᠤ ᠪᠠᠶᠢᠴᠠᠭᠠᠨ ᠰᠤᠳᠤᠯᠤᠯᠲᠠ᠂ ᠲᠤᠷᠰᠢᠨ ᠲᠣᠬᠢᠷᠠᠭᠤᠯᠬᠤ ᠪᠠᠷ ᠳᠠᠮᠵᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠵᠠᠷᠤᠳᠠᠯ ᠢ ᠰᠦᠯᠵᠢᠶ᠎ᠡ ᠳᠡᠭᠡᠷ᠎ᠡ ᠴᠠᠭ ᠲᠤᠬᠠᠶ ᠳᠤᠨᠢ ᠰᠢᠭᠤᠳ  ᠳ᠋ᠦᠩᠨᠡᠨ ᠪᠤᠳᠤᠬᠤ ᠶᠢ ᠪᠡᠶᠡᠯᠡᠭᠦᠯᠵᠦ᠂ ᠦᠨᠳᠦᠰᠦᠨ ᠡᠮ ᠡᠮᠨᠡᠯᠭᠡ ᠶᠢᠨ ᠡᠭᠦᠳᠡᠨ ᠡᠮᠨᠡᠯᠭᠡ ᠶᠢᠨ ᠬᠠᠷᠠᠭᠠᠯᠵᠠᠯ ᠢ  ᠳ᠋ᠦᠩᠨᠡᠨ ᠪᠤᠳᠤᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ  ᠳ᠋ᠦᠩᠨᠡᠨ ᠪᠤᠳᠤᠬᠤ ᠰᠢᠰᠲ᠋ᠧᠮ ᠨᠢ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ  ᠬᠦᠮᠦᠰ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠰ ᠵᠢᠴᠢ ᠵᠡᠮᠳᠡᠭ ᠬᠥᠮᠦᠰ ᠢ ᠲᠡᠮᠳᠡᠭᠯᠡᠵᠦ᠂ ᠲᠡᠳᠡᠨ ᠤ ᠮᠡᠳᠡᠭᠡ ᠵᠠᠩᠭᠢ ᠶᠢ ᠥᠪᠡᠷᠲᠡᠭᠡᠨ ᠭᠠᠷᠭᠠᠨ ᠦᠵᠡᠵᠦ᠂ ᠲᠥᠷᠥ ᠶᠢᠨ ᠪᠣᠳᠣᠯᠭ᠎ᠠ ᠶᠢᠨ ᠬᠡᠯᠪᠡᠶᠢᠯᠲᠡ ᠳᠤ ᠨᠡᠶᠢᠴᠡᠭᠰᠡᠨ ᠬᠥᠮᠦᠰ ᠲᠤ ᠴᠠᠭ ᠲᠤᠬᠠᠶ ᠳᠤᠨᠢ ᠬᠠᠷᠠᠭᠠᠯᠵᠠᠭᠰᠠᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠭᠡᠵᠦ ᠪᠣᠯᠤᠨ᠎ᠠ᠃      ᠡᠷᠡᠭᠦᠯ ᠬᠠᠮᠠᠭᠠᠯᠠᠯ ᠤᠨ ᠲᠠᠰᠤᠭ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠵᠠᠷᠤᠳᠠᠯ ᠢ ᠰᠦᠯᠵᠢᠶᠡᠨ ᠳᠡᠭᠡᠷ᠎ᠡ ᠲᠡᠷᠡ ᠳᠠᠷᠤᠶ ᠳᠤᠨᠢ ᠰᠢᠭᠤᠳ ᠳ᠋ᠦᠩᠨᠡᠨ ᠪᠣᠳᠣᠬᠤ ᠶᠢ ᠬᠡᠷᠡᠭᠵᠢᠭᠦᠯᠦᠭᠰᠡᠨ ᠨᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠨᠡᠭᠦᠯᠵᠦ ᠡᠮ ᠬᠤᠳᠠᠯᠳᠤᠨ ᠠᠪᠬᠤ ᠳᠤ ᠳᠥᠭᠦᠮ ᠦᠵᠡᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡ ᠶᠢ ᠵᠢᠷᠤᠮᠵᠢᠭᠤᠯᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠦᠶ ᠵᠣᠬᠢᠰᠲᠠᠶ ᠪᠦᠲᠦᠮᠵᠢᠲᠡᠶ ᠠᠰᠢᠭᠯᠠᠭᠰᠠᠨ ᠢᠶᠠᠷ ᠪᠠᠷᠠᠬᠤ ᠦᠭᠡᠢ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠳᠤ ᠰᠠᠭᠤᠷᠢ ᠲᠠᠯᠪᠢᠵᠦ ᠥᠭᠴᠡᠢ᠃        ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠥᠬᠦ ᠬᠤᠲᠠ ᠶᠢᠨ ᠳᠠᠭᠤᠷᠢᠶᠠᠯ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠳᠠᠭᠤᠷᠢᠶᠠᠯ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ︽ᠨᠢᠭᠡ ᠥᠷᠲᠡᠭᠡ ᠮᠠᠶ᠋ᠢᠭ︾ ᠤᠨ  ᠳ᠋ᠦᠩᠨᠡᠨ ᠪᠣᠳᠣᠬᠤ ᠶᠢ ᠳᠡᠯᠭᠡᠷᠡᠭᠦᠯᠬᠦ ᠶᠢᠨ ᠬᠠᠮᠲᠤ᠂ ︽ᠨᠢᠭᠡ ᠥᠷᠲᠡᠭᠡ ᠮᠠᠶ᠋ᠢᠭ︾ ᠤᠨ  ᠳ᠋ᠦᠩᠨᠡᠨ ᠪᠣᠳᠣᠬᠤ ᠶᠢ ᠠᠯᠬᠤᠮ ᠠᠯᠬᠤᠮ ᠢᠶᠠᠷ ᠪᠥᠬᠦ ᠬᠤᠲᠠ ᠶᠢᠨ ᠪᠣᠶ ᠪᠥᠬᠦᠶ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠬᠦᠷᠲᠡᠯ᠎ᠡ ᠥᠷᠭᠡᠳᠬᠡᠵᠦ᠂ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ ᠨᠠᠩ ᠳᠥᠭᠦᠮ ᠳᠥᠲᠡ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号