ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠰᠢᠨ᠎ᠡ ᠬᠤᠲᠠ ᠲᠣᠭᠤᠷᠢᠭ ᠲᠤ ᠬᠦᠷᠴᠦ ᠲᠠᠩᠰᠠ ᠡᠪᠬᠡᠮᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-04-21
     ᠲᠦᠷᠦᠭᠦᠬᠡᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠴᠧᠨ  ᠫᠧᠩ ᠲᠠᠩᠰᠠ ᠡᠪᠬᠡᠮᠡᠯ ᠤᠨ ᠰᠠᠯᠠᠭ᠎ᠠ ᠶᠢ ᠳᠠᠭᠠᠭᠤᠯᠤᠨ ᠰᠢᠨ᠎ᠡ ᠬᠤᠲᠠ ᠲᠣᠭᠤᠷᠢᠭ ᠲᠤ ᠬᠦᠷᠴᠦ ᠲᠠᠩᠰᠠ ᠡᠪᠬᠡᠮᠡᠯ ᠤᠨ ᠠᠵᠢᠯ ᠢ ᠪᠠᠶᠢᠴᠠᠭᠠᠨ ᠰᠤᠳᠤᠯᠪᠠ᠃ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ  ᠪᠠᠶᠢᠩᠭᠤ ᠶᠢᠨ ᠭᠡᠰᠢᠭᠦᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠯᠢ ᠴᠢᠶᠠᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ᠎ᠡ ᠬᠤᠲᠠ ᠲᠣᠭᠤᠷᠢᠭ ᠤᠨ ᠲᠠᠩᠰᠠ ᠡᠪᠬᠡᠮᠡᠯ ᠤᠨ ᠤᠷᠳᠤᠨ ᠤ ᠬᠦᠮᠦᠷᠭᠡ ᠶᠢ ᠲᠣᠭᠤᠷᠢᠨ ᠦᠵᠡᠵᠦ᠂ ᠰᠢᠨ᠎ᠡ ᠬᠤᠲᠠ ᠲᠣᠭᠤᠷᠢᠭ ᠤᠨ ᠲᠠᠩᠰᠠ ᠡᠪᠬᠡᠮᠡᠯ ᠤᠨ ᠤᠷᠳᠤᠨ ᠤ ᠬᠦᠮᠦᠷᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ᠂ ᠠᠮᠤᠷ ᠲᠦᠪᠰᠢᠨ ᠤ ᠬᠠᠮᠢᠶᠠᠷᠤᠯᠲᠠ᠂ ᠮᠡᠳᠡᠭᠡ ᠵᠠᠩᠭᠢᠵᠢᠯᠲᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠳᠠᠷᠠᠭ᠎ᠠ ᠨᠢ ᠶᠠᠷᠢᠯᠴᠠᠨ ᠰᠤᠯᠢᠯᠴᠠᠬᠤ ᠠᠵᠢᠯᠯᠠᠭ᠎ᠠ ᠥᠷᠨᠢᠭᠦᠯᠪᠡ᠃      ᠪᠠᠶᠢᠴᠠᠭᠠᠨ ᠰᠤᠳᠤᠯᠬᠤ ᠳᠤᠭᠤᠶᠢᠯᠠᠩ ᠰᠢᠨ᠎ᠡ ᠬᠤᠲᠠ ᠲᠣᠭᠤᠷᠢᠭ ᠤᠨ ᠳᠠᠩᠰᠠ ᠡᠪᠬᠡᠮᠡᠯ ᠤᠨ ᠠᠵᠢᠯ ᠢ ᠭᠦᠢᠴᠡᠳ ᠨᠤᠲᠠᠯᠠᠭᠰᠠᠨ ᠪᠦᠭᠡᠳ‌‍ᠰᠢᠨ᠎ᠡ ᠬᠤᠲᠠ ᠲᠣᠭᠤᠷᠢᠭ ᠤᠨ ᠳᠠᠩᠰᠠ ᠡᠪᠬᠡᠮᠡᠯ ᠤᠨ ᠠᠵᠢᠯ ᠢ ᠰᠠᠶᠢᠲᠤᠷ ᠬᠢᠬᠦ ᠳᠤ ᠪᠦᠲᠦᠭᠡᠯᠴᠢ ᠴᠢᠨᠠᠷᠲᠠᠢ ᠰᠠᠨᠠᠭᠤᠯᠭ᠎ᠠ ᠳᠤᠷᠠᠳᠪᠠ᠃ ᠴᠧᠨ ᠫᠧᠩ ᠵᠢᠭᠠᠵᠤ ᠭᠠᠷᠭᠠᠭᠰᠠᠨ ᠨᠢ᠂ ᠳᠠᠩᠰᠠ ᠡᠪᠬᠡᠮᠡᠯ ᠤᠨ ᠠᠵᠢᠯ ᠪᠣᠯ ᠲᠦᠢᠯ ᠤᠨ ᠴᠢᠬᠤᠯᠠ ᠰᠠᠭᠤᠷᠢ ᠴᠢᠨᠠᠷᠲᠠᠢ ᠠᠵᠢᠯ ᠪᠣᠯᠤᠨ᠎ᠠ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠳᠠᠩᠰᠠ ᠡᠪᠬᠡᠮᠡᠯ ᠤᠨ ᠠᠵᠢᠯ ᠢ ᠳᠡᠮᠵᠢᠬᠦ ᠡᠷᠴᠢᠮ ᠢᠶᠠᠨ ᠦᠷᠭᠦᠯᠵᠢᠯᠠᠨ ᠴᠢᠩᠭᠠᠷᠠᠭᠤᠯᠵᠤ᠂ ᠳᠠᠩᠰᠠ ᠡᠪᠬᠡᠮᠡᠯ ᠤᠨ ᠣᠷᠳᠣᠨ ᠤ ᠰᠢᠨ᠎ᠡ ᠣᠷᠳᠣᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠳᠠᠩᠰᠠ ᠡᠪᠬᠡᠮᠡᠯ ᠢ ᠵᠣᠬᠢᠰᠲᠠᠢ ᠬᠠᠮᠠᠭᠠᠯᠠᠵᠤ᠂ ᠳᠠᠩᠰᠠ ᠡᠪᠬᠡᠮᠡᠯ ᠤᠨ ᠪᠠᠶᠢᠪᠠᠰᠤ ᠵᠣᠬᠢᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠲᠠᠩᠰᠠ ᠡᠪᠬᠡᠮᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠵᠤ᠂ ᠲᠠᠩᠰᠠ ᠡᠪᠬᠡᠮᠡᠯ ᠤᠨ ᠡᠬᠢ ᠪᠠᠶᠠᠯᠢᠭ ᠤᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠲᠠᠩᠰᠠ  ᠡᠪᠬᠡᠮᠡᠯ ᠢ ᠴᠤᠭᠯᠠᠭᠤᠯᠬᠤ ᠡᠷᠴᠢᠮ ᠢ ᠴᠢᠩᠭᠠᠷᠠᠭᠤᠯᠤᠨ᠂ ᠲᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠵᠡᠷᠭᠡ ᠰᠠᠭᠤᠷᠢ ᠴᠢᠨᠠᠷᠲᠠᠶ ᠠᠵᠢᠯ ᠢ ᠲᠦᠷᠭᠡᠳᠬᠡᠨ ᠠᠬᠢᠭᠤᠯᠵᠤ᠂ ᠲᠠᠩᠰᠠ ᠡᠪᠬᠡᠮᠡᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃      ᠯᠢ ᠴᠢᠶᠠᠩ ᠡᠷᠬᠢᠯᠡᠭᠴᠢ ᠢᠯᠡᠷᠬᠡᠶᠢᠯᠡᠭᠰᠡᠨ ᠨᠢ᠂ ᠰᠢᠨ᠎ᠡ ᠬᠤᠲᠠ ᠲᠣᠭᠤᠷᠢᠭ ᠲᠡᠷᠢᠭᠦᠨ ᠤ ᠠᠷᠭ᠎ᠠ ᠬᠢᠳᠡᠯ ᠢᠶᠠᠷ ᠲᠣᠯᠢ ᠪᠣᠯᠭᠠᠵᠤ᠂ ᠲᠠᠩᠰᠠ ᠡᠪᠬᠡᠮᠡᠯ ᠤᠨ ᠠᠵᠢᠯ ᠤᠨ ᠲᠣᠰ ᠪᠡᠶ᠎ᠡ ᠶᠢᠨ ᠤᠨᠴᠠᠯᠢᠭ ᠲᠤ ᠰᠠᠭᠤᠷᠢᠯᠠᠨ᠂ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠲᠠᠩᠰᠠ ᠡᠪᠬᠡᠮᠡᠯ ᠤᠨ ᠠᠵᠢᠯ ᠤᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨ᠎ᠡ ᠴᠠᠭ ᠦᠶ᠎ᠡ᠂ ᠰᠢᠨ᠎ᠡ ᠬᠥᠭᠵᠢᠯᠲᠡ᠂ ᠰᠢᠨ᠎ᠡ ᠪᠠᠶᠢᠳᠠᠯ ᠤᠨ ᠱᠠᠭᠠᠷᠳᠠᠯᠭ᠎ᠠ ᠳᠤ ᠨᠠᠩ ᠰᠠᠶᠢᠲᠤᠷ ᠵᠣᠬᠢᠴᠠᠭᠤᠯᠤᠨ᠎ᠠ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号