ᠬᠦᠬᠡᠬᠤᠲᠠ ᠦᠨᠳᠦᠰᠦᠨ ᠱᠠᠲᠤᠨ ᠤ ᠰᠤᠶᠤᠯ ᠤᠨ ᠦᠢᠯᠡᠴᠢᠯᠡᠭᠡ ᠶᠢ ᠢᠳᠡᠪᠬᠢᠳᠡᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020-04-21
     ᠲᠦᠷᠦᠭᠦᠬᠡᠨ ᠰᠤᠷᠪᠤᠯᠵᠢᠯᠠᠭᠴᠢ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ  ᠠᠴᠠ ᠤᠢᠢᠯᠠᠭᠠᠭᠰᠠᠨ ᠢᠶᠠᠷ᠂ ᠡᠨᠡ ᠵᠢᠯ ᠦᠨᠳᠦᠰᠦᠨ ᠱᠠᠲᠤᠨ ᠤ ᠰᠣᠶᠣᠯ ᠤᠨ ᠬᠠᠮᠢᠶᠠᠷᠤᠯᠲᠠ ᠶᠢᠨ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠣᠶᠣᠯ ᠤᠨ ᠲᠣᠮᠣ ᠬᠦᠷᠢᠶᠡᠯᠡᠩ᠂ ᠰᠣᠶᠣᠯ ᠤᠨ ᠡᠷᠦᠬᠡ ᠶᠢ ᠵᠣᠷᠢᠭᠵᠢᠭᠤᠯᠤᠨ ᠪᠤᠵᠠᠭᠠᠶᠢᠷᠠᠭᠤᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢᠶᠠᠨ ᠨᠥᠬᠦᠪᠦᠷᠢᠯᠡᠨ ᠦᠷ᠎ᠡ ᠪᠦᠲᠦᠮᠵᠢ ᠶᠢ ᠤᠯᠠᠮ ᠢᠶᠠᠷ ᠳᠡᠭᠡᠭᠰᠢᠯᠡᠭᠦᠯᠵᠦ ᠪᠠᠶᠢᠨ᠎ᠠ᠃      ᠡᠨᠡ ᠵᠢᠯ ᠬᠦᠬᠡᠬᠤᠲᠠ ᠬᠤᠲᠠ ᠶᠢᠨ ᠨᠣᠮ ᠤᠨ ᠰᠠᠩ᠂ ᠣᠯᠠᠨ ᠲᠦᠮᠡᠨ ᠤ ᠤᠷᠠᠯᠢᠭ ᠤᠨ ᠣᠷᠳᠣᠨ ᠢᠶᠠᠷ ᠲᠥᠪ ᠣᠷᠳᠣᠨ ᠪᠣᠯᠭᠠᠵᠤ᠂ ᠬᠤᠰᠢᠭᠤ ᠰᠢᠶᠠᠨ ᠲᠣᠭᠤᠷᠢᠭ ᠤᠨ ᠨᠣᠮ ᠤᠨ ᠰᠠᠩ᠂ ᠰᠣᠶᠣᠯ ᠤᠨ ᠣᠷᠳᠣᠨ ᠢᠶᠠᠷ ᠶᠡᠷᠦᠩᠬᠡᠶ ᠣᠷᠳᠣᠨ ᠪᠣᠯᠭᠠᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠰᠣᠶᠣᠯ ᠤᠨ ᠥᠷᠲᠡᠭᠡ ᠪᠠᠷ ᠬᠤᠪᠢᠶᠠᠷᠢ ᠣᠷᠳᠣᠨ ᠪᠣᠯᠭᠠᠵᠤ᠂ ᠲᠤᠰᠬᠤᠨ ︵ᠨᠡᠶᠢᠭᠡᠮ ᠲᠣᠭᠤᠷᠢᠭ︶ ᠤ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ᠂ᠲᠠᠯ᠎ᠠ ᠨᠤᠲᠤᠭ ᠤᠨ ᠨᠣᠮ ᠤᠨ ᠥᠷᠥᠭᠡ᠂ ᠰᠣᠶᠣᠯ ᠤᠨ ᠲᠣᠮᠣ ᠬᠦᠷᠢᠶᠡᠯᠡᠩ ᠵᠡᠷᠭᠡ ᠪᠠᠷ ᠦᠨᠳᠦᠰᠦᠨ ᠱᠠᠲᠤᠨ ᠳᠤ ᠦᠢᠯᠡᠴᠢᠯᠡᠬᠦ ᠳᠥᠷᠪᠡᠨ ᠱᠠᠲᠤᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠪᠠᠶᠢᠨ᠎ᠠ ᠃ ᠲᠣᠭᠠᠴᠢᠯᠠᠭᠰᠠᠨ ᠰᠣᠶᠣᠯ ᠤᠨ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠬᠤᠲᠠ ᠶᠢᠨ ᠨᠣᠮ ᠤᠨ ᠰᠠᠩ  ᠳᠤ 3 ᠠᠴᠠ ᠳᠡᠭᠡᠭᠰᠢ ᠣᠨᠴᠠᠯᠢᠭᠲᠤ ᠲᠣᠭᠠᠴᠢᠯᠠᠭᠰᠠᠨ ᠡᠬᠢ ᠪᠠᠶᠠᠯᠢᠭ ᠤᠨ ᠬᠥᠮᠥᠷᠭᠡ ᠪᠠᠶᠢᠭᠤᠯᠵᠤ᠂ ᠬᠤᠲᠠ ᠶᠢᠨ ᠣᠯᠠᠨ ᠲᠦᠮᠡᠨ ᠤ ᠤᠷᠠᠯᠢᠭ ᠤᠨ ᠣᠷᠳᠣᠨ ᠳᠤ 2 ᠠᠴᠠ ᠳᠡᠭᠡᠭᠰᠢ ᠣᠨᠴᠠᠯᠢᠭᠲᠤ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠪᠠᠶᠢᠭᠤᠯᠬᠤ ᠪᠣᠯᠣᠨ᠎ᠠ︔ ︽ᠬᠤᠨ ᠭᠠᠯᠠᠭᠤ ᠪᠠᠶᠠᠰᠬᠤᠯᠠᠩᠲᠤ ᠤᠩᠰᠢᠯᠭ᠎ᠠ︾ ᠶᠢᠨ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ︽24 ᠴᠠᠭ ᠤᠨ ᠬᠤᠲᠠ ᠶᠢᠨ ᠨᠣᠮ ᠤᠨ ᠥᠷᠥᠭᠡ︾᠂ ︽24 ᠴᠠᠭ ᠤᠨ ᠪᠢᠴᠢᠯ ᠨᠣᠮ ᠤᠨ ᠰᠠᠩ︾᠂ ︽ᠲᠣᠭᠠᠴᠢᠯᠠᠭᠰᠠᠨ ᠤᠩᠰᠢᠬᠤ ᠮᠠᠰᠢᠨ︾᠂ ︽24 ᠴᠠᠭ ᠤᠨ ᠢᠲᠡᠭᠡᠮᠵᠢᠲᠦ ᠨᠣᠮ ᠪᠢᠴᠢᠭ  ᠢ ᠵᠢᠭᠡᠯᠡᠵᠦ ᠪᠤᠴᠠᠭᠠᠬᠤ ᠮᠠᠰᠢᠨ︾ ᠵᠡᠷᠭᠡ ᠳᠥᠷᠪᠡᠨ ᠵᠦᠢᠯ ᠤᠨ ᠠᠳᠠᠯᠢ ᠪᠤᠰᠤ ᠬᠡᠯᠪᠡᠷᠢ ᠶᠢᠨ ︽ᠬᠤᠨ ᠭᠠᠯᠠᠭᠤ ᠨᠣᠮ ᠤᠨ ᠥᠷᠥᠭᠡ︾ ᠶᠢ ᠪᠠᠶᠢᠭᠤᠯᠵᠤ ᠪᠠᠶᠢᠨ᠎ᠠ︔ ᠡᠯᠪᠡᠭ ᠪᠠᠶᠠᠯᠢᠭ ᠤᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠨᠡᠶᠢᠭᠡᠮ ᠲᠣᠭᠤᠷᠢᠭ ᠲᠤ ᠰᠤᠶᠤᠯ ᠬᠦᠷᠭᠡᠬᠦ︾᠂ ︽ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠤᠯᠠᠷᠢᠯ︾ ᠵᠡᠷᠭᠡ ᠣᠯᠠᠨ ᠨᠡᠶᠢᠲᠡ ᠶᠢᠨ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠡᠷᠬᠢᠯᠡᠬᠦ ᠪᠠᠷ ᠪᠠᠶᠢᠨ᠎ᠠ︔ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠳᠡᠮᠵᠢᠯᠭᠡ ᠶᠢ ᠴᠢᠩᠭᠠᠳᠬᠠᠵᠤ᠂ ᠨᠢᠭᠡ ᠪᠦᠯᠦᠭ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠥᠷᠨᠢᠭᠦᠯᠬᠦ ᠪᠣᠯᠣᠨ᠎ᠠ᠃      ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠤᠯᠠᠭᠠᠨᠲᠤᠶᠠᠭ᠎ᠠ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号