ᠸᠠᠩ ᠯᠢ ᠰᠢᠶᠠ ᠡᠷᠬᠢᠯᠡᠵᠦ ᠵᠠᠩ ᠪᠠᠢ ᠴᠧᠩ ᠯᠥᠸᠧ ᠴᠢᠩ ᠣᠷᠣᠯᠴᠠᠪᠠ | 4 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ | ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ | ᠬᠤᠲᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠮᠥᠩᠭᠦᠨ | ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ 1 | ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠠᠯᠪᠠᠨ ᠭᠡᠷ ᠤᠨ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠪᠠ ᠪᠦᠬᠦ ᠣᠷᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠶᠢ | ᠲᠦᠷᠭᠡᠳᠬᠡᠬᠦ ᠪᠠ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠨ ᠬᠡᠷᠡᠭᠯᠡᠬᠦ ᠠᠵᠢᠯ ᠤᠨ | ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠣᠭᠰᠣᠴᠠ ᠪᠠᠨ | ᠳᠡᠭᠡᠭᠰᠢᠯᠡᠭᠦᠯᠦᠨ ᠲᠠᠨᠢᠯᠲᠠ ᠪᠠᠨ ᠭᠦᠨᠵᠡᠭᠡᠶᠢᠷᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ | ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠨᠳᠦᠷᠴᠡ ᠠᠴᠠ᠂ | ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠡᠷᠬᠡᠪᠰᠢ ᠪᠡᠶᠡᠯᠡᠭᠦᠯᠬᠦ | ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠥᠷᠢ ᠥᠭᠴᠡᠭᠡ ᠶᠢ ᠠᠷᠢᠯᠭᠠᠬᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠡᠶ᠎ᠡ ᠵᠣᠬᠢᠴᠠᠩᠭᠤᠢ ᠶᠢ | ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠵᠠᠪᠠᠯ | ᠲᠣᠳᠣᠷᠬᠠᠢ ᠲᠠᠨᠢᠵᠤ᠂ ᠠᠷᠭ᠎ᠠ ᠬᠡᠮᠵᠢᠶ᠎ᠡ ᠪᠠᠨ ᠨᠠᠷᠢᠯᠢᠭ ᠪᠣᠯᠭᠠᠨ᠂ ᠪᠦᠬᠦ ᠵᠢᠯ ᠤᠨ ᠡᠭᠦᠷᠭᠡ ᠬᠠᠷᠠᠯᠲᠠ ᠶᠢ ᠴᠢᠩᠭ᠎ᠠ | ᠠᠳᠬᠤᠨ᠂ ᠥᠷᠢ ᠥᠭᠴᠡᠭᠡ ᠶᠢ ᠠᠷᠢᠯᠭᠠᠬᠤ ᠠᠵᠢᠯ ᠢ ᠨᠠᠶᠢᠳᠠᠪᠤᠷᠢᠲᠠᠢ ᠪᠡᠶᠡᠯᠡᠭᠦᠯᠬᠦ ᠬᠡᠷᠡᠭᠲᠡᠢ᠃ ᠣᠷᠣᠯᠭ᠎ᠠ ᠪᠠᠨ | ᠨᠡᠮᠡᠭᠳᠡᠭᠦᠯᠵᠦ ᠵᠠᠷᠤᠯᠭ᠎ᠠ ᠪᠠᠨ ᠪᠠᠭᠠᠰᠬᠠᠨ᠂ ᠬᠤᠶᠠᠭᠤᠯᠠ ᠶᠢ ᠵᠡᠷᠭᠡ ᠪᠠᠷ ᠠᠳᠬᠤᠵᠤ᠂ ᠠᠷᠢᠯᠭᠠᠬᠤ ᠪᠠ ᠬᠥᠭᠵᠢᠯᠲᠡ | ᠶᠢᠨ ᠬᠠᠷᠢᠴᠠᠭ᠎ᠠ ᠶᠢ ᠵᠦᠢ ᠵᠣᠬᠢᠰᠲᠠᠢ ᠰᠢᠢᠳᠪᠦᠷᠢᠯᠡᠬᠦ ᠬᠡᠷᠡᠭᠲᠡᠢ᠃ ᠡᠳ᠋ ᠬᠥᠷᠥᠩᠭᠡ ᠪᠠᠨ ᠠᠮᠢᠯᠠᠭᠤᠯᠵᠤ᠂ ᠵᠠᠷᠤᠳᠠᠯ | ᠢᠶᠠᠨ ᠵᠢᠷᠤᠮᠵᠢᠭᠤᠯᠤᠨ᠂ ᠠᠷᠪᠢᠯᠠᠨ ᠭᠠᠮᠨᠠᠵᠤ ︽ᠬᠦᠴᠢᠷᠳᠡᠯᠲᠡᠢ ᠠᠮᠢᠳᠤᠷᠠᠯ︾ ᠢ ᠥᠩᠭᠡᠷᠡᠭᠦᠯᠬᠦ ᠬᠡᠷᠡᠭᠲᠡᠢ᠃ | ᠬᠤᠰᠢᠭᠤ ᠰᠢᠶᠠᠨ ᠲᠣᠭᠤᠷᠢᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠣᠭᠤᠮᠲᠠ | ᠰᠢᠪᠲᠤᠯᠬᠤ ᠤᠬᠠᠮᠰᠠᠷ᠂ ᠴᠠᠭ ᠤᠨ ᠬᠢᠵᠠᠭᠠᠷ ᠤᠨ ᠤᠬᠠᠮᠰᠠᠷ᠂ ᠨᠠᠶᠢᠳᠠᠪᠤᠷᠢᠵᠢᠭᠤᠯᠬᠤ ᠤᠬᠠᠮᠰᠠᠷ ᠢ ᠴᠢᠩᠭᠠᠳᠬᠠᠵᠤ᠂ | ᠥᠷᠢ ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠯᠤᠰ ᠤᠨ | ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠬᠢᠨᠠᠨ ᠪᠣᠳᠣᠬᠤ ᠵᠡᠷᠭᠡ ᠰᠠᠯᠠᠭ᠎ᠠ | ᠮᠥᠴᠢᠷ ᠤᠳ ᠬᠢᠨᠠᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠥᠩᠭᠦᠨ ᠭᠦᠢᠯᠭᠡᠭᠡᠨ ᠤ | ᠲᠦᠭᠰᠢᠭᠦᠷᠢ ᠶᠢᠨ ᠡᠭᠦᠰᠬᠦ ᠶᠢ ᠴᠢᠩᠭ᠎ᠠ ᠰᠡᠷᠭᠡᠶᠢᠯᠡᠨ᠂ᠱᠠᠭᠠᠷᠳᠠᠯᠭ᠎ᠠ ᠶᠣᠰᠣᠭᠠᠷ ᠡᠭᠦᠷᠭᠡ ᠪᠠᠨ ᠪᠡᠶᠡᠯᠡᠭᠦᠯᠬᠦ ᠬᠡᠷᠡᠭᠲᠡᠢ | ᠭᠡᠵᠡᠢ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ | ᠯᠥᠸᠧ ᠴᠢᠩ ᠵᠢᠴᠢ ᠬᠤᠲᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ | ᠵᠢᠷᠤᠮᠵᠢᠭᠤᠯᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ | ᠤᠨ ᠭᠡᠰᠢᠭᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ | ᠲᠠᠯᠠᠪᠠᠢ ᠳᠤ ᠬᠤᠷᠠᠯ ᠳᠤ ᠣᠷᠣᠯᠴᠠᠪᠠ᠃ | ᠰᠤᠷᠪᠤᠯᠵᠢᠯᠠᠭᠴᠢ ᠹᠧᠩ ᠶᠠᠨ ᠫᠢᠩ |