ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ  ᠶᠢᠨ  ᠠᠷᠪᠠᠨ  ᠭᠤᠷᠪᠠᠳᠤᠭᠠᠷ  ᠬᠤᠭᠤᠴᠠᠭᠠᠨ  ᠤ ᠬᠤᠷᠢᠶ᠎ᠠ  ᠶᠢᠨ  ᠭᠤᠷᠪᠠᠳᠤᠭᠠᠷ  ᠤᠳᠠᠭ᠎ᠠ  ᠶᠢᠨ  ᠬᠤᠷᠠᠯ ᠡᠬᠢᠯᠡᠪᠡ
ᠨᠡᠶᠢᠲᠡᠯᠡᠭᠰᠡᠨ ᠴᠠᠭ᠄
2020-04-21

     4 ᠳ᠋ᠦ᠋ᠭᠡᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ ᠶᠢᠨ 9 ᠴᠠᠭ ᠲᠤ᠂ ᠳᠤᠮᠳᠠᠳᠤ ᠤᠯᠤᠰ

 ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ

ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠡᠩᠬᠢᠮ ᠳᠤ

ᠡᠬᠢᠯᠡᠪᠡ᠃

ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 329 ᠬᠥᠮᠥᠨ᠂ ᠪᠣᠳᠠᠲᠠᠢ ᠣᠷᠣᠯᠴᠠᠭᠰᠠᠨ ᠭᠡᠰᠢᠭᠦᠨ 307

ᠬᠥᠮᠥᠨ ᠪᠠᠶᠢᠵᠤ᠂ ᠬᠥᠮᠥᠨ ᠤ ᠲᠤᠭ᠎ᠠ ᠶᠢᠨ ᠲᠣᠭᠲᠠᠭᠠᠯ ᠳᠤ ᠨᠡᠶᠢᠴᠡᠪᠡ᠃

     4 ᠡᠳᠦᠷ ᠤᠨ ᠬᠤᠷᠠᠯ ᠤᠨ ᠬᠤᠭᠤᠴᠠᠭᠠᠨ ᠳᠤ᠂ ᠪᠦᠬᠦ ᠬᠤᠲᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ

 ᠤᠨ ᠬᠢᠨ ᠠᠴᠠ ᠢᠷᠡᠭᠰᠡᠨ ᠤᠯᠤᠰ ᠲᠥᠷᠥ ᠶᠢᠨ ᠵᠥᠪᠯᠡᠯᠭᠡᠨ ᠤ 300 ᠭᠠᠷᠤᠢ ᠭᠡᠰᠢᠭᠦᠨ ᠤᠷᠬᠢᠯᠤᠮ᠎ᠠ ᠬᠠᠯᠠᠭᠤᠨ

ᠰᠡᠳᠬᠢᠯᠭᠡ ᠶᠢ ᠡᠪᠦᠷᠯᠡᠨ᠂ ᠬᠤᠷᠠᠨ ᠴᠤᠭᠯᠠᠷᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂

ᠰᠡᠳᠬᠢᠯ ᠵᠣᠷᠢᠭ ᠬᠦᠴᠦᠨ ᠴᠢᠳᠠᠯ ᠢᠶᠠᠨ ᠥᠷᠭᠡᠨ ᠢᠶᠠᠷ ᠨᠢᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ

ᠴᠢᠩᠭᠠᠳᠬᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠳᠣ ᠪᠠᠷ ᠵᠥᠪᠳᠡᠯᠴᠡᠵᠦ᠂ ᠥᠭᠡᠷᠡᠴᠢᠯᠡᠯᠲᠡ ᠶᠢᠨ

ᠰᠠᠶᠢᠨ ᠪᠣᠳᠣᠯᠭ᠎ᠠ ᠶᠢ ᠬᠠᠮᠳᠤ ᠪᠠᠷ ᠰᠦᠪᠡᠭᠴᠢᠯᠡᠨ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ

ᠰᠠᠶᠢᠲᠠᠢ ᠬᠥᠭᠵᠢᠯᠲᠡ ᠳᠤ ᠣᠶᠣᠨ ᠤᠬᠠᠭᠠᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃

ᠥᠨᠥᠳᠥᠷ ᠤᠨ ᠦᠳᠡ ᠶᠢᠨ ᠡᠮᠦᠨ᠎ᠡ ᠶᠢᠨ ᠬᠤᠷᠠᠯ ᠳᠤ ᠨᠡᠶᠢᠲᠡ ᠭᠤᠷᠪᠠᠨ ᠠᠭᠤᠯᠭ᠎ᠠ ᠲᠠᠢ᠄

     ᠨᠢᠭᠡ᠂ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ

ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠦᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠨ᠎ᠠ᠃

ᠬᠤᠶᠠᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠦᠨ ᠵᠢᠶᠠᠨ ᠬᠤᠸᠠ ᠶᠢᠨ ᠬᠢᠬᠦ

ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ

ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠢ ᠰᠣᠨᠣᠰᠤᠨ᠎ᠠ᠃

     ᠭᠤᠷᠪᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠥᠸᠧ ᠪᠢᠩ ᠱᠧᠩ ᠤᠨ

ᠬᠢᠬᠦ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠪᠠᠶᠢᠩᠭᠤ ᠶᠢᠨ ᠬᠤᠷᠢᠶ᠎ᠠ ᠶᠢᠨ ᠤᠯᠤᠰ ᠲᠥᠷᠥ ᠶᠢᠨ

ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠬᠤᠷᠠᠯ ᠠᠴᠠ ᠨᠠᠭᠠᠰᠢᠬᠢ

ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠤᠨ᠎ᠠ᠃

     ᠰᠤᠷᠪᠤᠯᠵᠢᠯᠠᠭᠴᠢ ᠯᠢᠦ ᠱᠠ ᠱᠠ  ᠰᠢᠦᠢ ᠲᠢᠩ

 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号