ᠰᠢᠨ᠎ᠡ ᠬᠤᠲᠠ ᠲᠣᠭᠤᠷᠢᠭ ᠲᠤᠭᠤᠷᠢᠨ ᠪᠠᠶᠢᠴᠠᠭᠠᠬᠤ ᠳᠤᠭᠤᠶᠢᠯᠠᠩ ᠲᠠᠢ ᠬᠠᠮᠲᠤᠷᠠᠨ ᠬᠠᠷᠢᠶᠠᠲᠤ ᠣᠷᠣᠨ ᠤ ᠮᠣᠳᠣᠨ ᠬᠡᠷᠡᠭᠰᠡᠯ ᠤᠨ ᠦᠢᠯᠡᠳᠪᠦᠷᠢ ᠳᠤ ᠳᠠᠬᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2020-04-22
     2019 ᠣᠨ ᠳᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠣᠷᠴᠢᠨ ᠲᠣᠭᠤᠷᠢᠨ ᠤ ᠬᠦᠰᠡᠯ ᠱᠠᠭᠠᠷᠳᠠᠯᠭ᠎ᠠ ᠶᠢ ᠦᠨᠡᠨᠬᠦ ᠬᠠᠮᠠᠭᠠᠯᠠᠬᠤ ᠶᠢᠨ ᠲᠥᠯᠥᠭᠡ᠂ ᠬᠦᠬᠡᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠤᠪᠴᠢᠶ᠎ᠠ ᠶᠢᠨ ᠰᠢᠨ᠎ᠡ ᠬᠤᠲᠠ ᠲᠣᠭᠤᠷᠢᠭ ᠤᠨ ᠬᠤᠪᠢᠶᠠᠷᠢ ᠲᠤᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ 30 ᠭᠠᠷᠤᠶ ᠮᠣᠳᠣᠨ ᠡᠳ᠋ᠯᠡᠯ ᠪᠣᠯᠪᠠᠰᠤᠷᠠᠭᠤᠯᠬᠤ ᠦᠢᠯᠡᠳᠪᠦᠷᠢ ᠳᠤ ᠲᠥᠪᠯᠡᠷᠡᠭᠦᠯᠦᠨ ᠴᠡᠪᠡᠷᠯᠡᠨ ᠴᠡᠭᠴᠡᠯᠡᠨ ᠵᠠᠰᠠᠪᠠ᠃ ᠬᠠᠤᠯᠢ ᠬᠡᠷᠡᠭᠵᠢᠭᠦᠯᠬᠦ ᠠᠵᠢᠯᠲᠠᠨ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠬᠤ᠂ ᠬᠡᠰᠡᠭ ᠦᠢᠯᠡᠳᠪᠦᠷᠢᠯᠡᠯ ᠤᠨ ᠲᠥᠬᠦᠭᠡᠷᠦᠮᠵᠢ ᠶᠢ ᠨᠢ ᠨᠤᠷᠠᠭᠠᠵᠤ᠂ ᠬᠠᠮᠵᠢᠯᠴᠠᠬᠤ ᠦᠭᠡᠶ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠠᠮᠲᠤᠷᠠᠭᠰᠠᠨ ᠴᠠᠬᠢᠯᠭᠠᠨ ᠬᠠᠩᠭᠠᠬᠤ ᠲᠣᠪᠴᠢᠶ᠎ᠠ ᠳᠤ ᠲᠡᠭᠦᠨ ᠤ ᠦᠢᠯᠡᠳᠪᠦᠷᠢᠯᠡᠯ ᠤᠨ ᠲᠦᠭᠦᠭᠡᠷᠦᠮᠵᠢ ᠶᠢ ᠠᠯᠪᠠᠳᠠᠯᠭ᠎ᠠ ᠪᠠᠷ ᠴᠠᠬᠢᠯᠭᠠᠨ ᠢ ᠨᠢ ᠲᠠᠰᠤᠯᠤᠭᠤᠯᠵᠤ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠲᠡᠭᠦᠨ ᠢ ᠦᠢᠯᠡᠳᠪᠦᠷᠢᠯᠡᠯ ᠶᠢᠨ ᠠᠷᠭ᠎ᠠ ᠦᠭᠡᠶ ᠪᠤᠯᠭᠠᠨ᠎ᠠ᠃      2020 ᠣᠨ ᠤ 4 ᠳ᠋ᠦ᠋ᠭᠡᠷ ᠰᠠᠷ᠎ᠠ ᠶᠢᠨ 17 ᠤ ᠡᠳᠦᠷ ᠠᠴᠠ ᠡᠬᠢᠯᠡᠨ᠂ ᠬᠥᠬᠡᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠤᠪᠴᠢᠶ᠎ᠠ ᠶᠢᠨ ᠰᠢᠨ᠎ᠡ ᠬᠤᠲᠠ ᠲᠣᠭᠤᠷᠢᠭ ᠤᠨ ᠬᠤᠪᠢᠶᠠᠷᠢ ᠲᠣᠪᠴᠢᠶ᠎ᠠ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ᠂ ᠬᠠᠭᠤᠴᠢᠨ ᠪᠠᠯᠭᠠᠰᠤᠨ ᠤ ᠵᠠᠰᠠᠭ ᠤᠨ ᠣᠷᠳᠣᠨ ᠲᠠᠢ ᠬᠠᠮᠲᠤᠷᠠᠨ᠂ ᠬᠠᠷᠢᠶᠠᠲᠤ ᠣᠷᠣᠨ ᠤ ᠣᠯᠠᠨ ᠮᠣᠳᠣᠨ ᠡᠳ᠋ᠯᠡᠯ ᠪᠣᠯᠪᠠᠰᠤᠷᠠᠭᠤᠯᠬᠤ ᠦᠢᠯᠡᠳᠪᠦᠷᠢ ᠶᠢᠨ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠡᠰᠡᠬᠦ᠂ ᠴᠡᠭᠴᠡᠯᠡᠨ ᠰᠠᠶᠢᠵᠢᠷᠠᠭᠤᠯᠤᠭᠰᠠᠨ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ ᠳᠠᠬᠢᠨᠲᠠ ᠪᠠᠶᠢᠴᠠᠭᠠᠯᠲᠠ ᠬᠢᠪᠠ᠃ ᠪᠠᠶᠢᠴᠠᠭᠠᠯᠲᠠ ᠶᠢᠨ ᠳᠤᠮᠳᠠ ᠠᠵᠤ ᠠᠬᠤᠶᠢᠯᠠᠯ ᠨᠢ ᠬᠤᠯᠠᠭᠠᠶ ᠪᠠᠷ ᠦᠢᠯᠡᠳᠪᠦᠷᠢᠯᠡᠬᠦ ᠦᠵᠡᠭᠳᠡᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠦᠭᠡᠢ᠂ ᠣᠯᠠᠩᠬᠢ ᠠᠵᠤ ᠠᠬᠤᠶᠢᠯᠠᠯ ᠨᠢ ᠨᠢᠭᠡᠨᠲᠡ ᠨᠡᠭᠦᠵᠦ᠂ ᠪᠠᠰᠠ ᠣᠨᠴᠠ ᠵᠠᠷᠢᠮ ᠠᠵᠤ ᠠᠬᠤᠶᠢᠯᠠᠯ ᠨᠢ ᠶᠠᠭ ᠨᠡᠭᠦᠵᠦ ᠪᠠᠶᠢᠬᠤ ᠪᠣᠯᠪᠠᠴᠤ ᠨᠢᠭᠡᠨᠲᠡ ᠦᠢᠯᠡᠳᠪᠦᠷᠢᠯᠡᠬᠦ ᠴᠢᠳᠠᠪᠤᠷᠢ ᠦᠭᠡᠢ ᠪᠣᠯᠪᠠ᠃      ᠬᠤᠶᠢᠰᠢᠳᠠ᠂ ᠬᠠᠷᠢᠶ᠎ᠠ ᠣᠷᠣᠨ ᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠰᠤᠨ ᠤ ᠰᠣᠷᠪᠤᠯᠲᠠ ᠶᠢᠨ ᠭᠠᠵᠠᠷ ᠤᠨ ᠳᠣᠲᠣᠷᠠᠬᠢ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠢ ᠪᠠᠶᠢᠴᠠᠭᠠᠬᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠰᠤᠯᠠᠷᠠᠭᠤᠯᠤᠯ ᠥᠬᠡᠶ ᠲᠠᠯᠪᠢᠬᠤ ᠶᠢ ᠪᠠᠷᠢᠮᠲᠠᠯᠠᠨ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号