ᠬᠦᠬᠡᠬᠤᠳᠠ ᠶᠢᠨ ᠪᠠᠶᠢᠴᠠᠭᠠᠬᠤ ᠬᠤᠷᠢᠶ᠎ᠠ ᠬᠡᠷᠡᠭ ᠰᠢᠢᠳᠪᠦᠷᠢᠯᠡᠭᠰᠡᠨ ᠲᠤᠭ᠎ᠠ ᠪᠠᠷᠢᠮᠳᠠ ᠪᠠᠨ ᠢᠯᠡ ᠨᠡᠶᠢᠳᠡᠯᠡᠵᠦ ︽ᠨᠠᠷᠠᠨ ᠬᠡᠷᠡᠯᠳᠦ︾ ᠪᠠᠶᠢᠴᠠᠭᠠᠬᠤ ᠠᠵᠢᠯ ᠢ ᠴᠤᠬᠴᠠᠯᠠᠵᠤ ᠪᠤᠢ
ᠨᠡᠶᠢᠲᠡᠯᠡᠭᠰᠡᠨ ᠴᠠᠭ᠄
2020-04-22
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠢᠨᠡᠪᠢᠯᠢᠭ︶ 4 ᠰᠠᠷ᠎ᠠ ᠶᠢᠨ 20 ᠤ ᠦᠳᠡ ᠶᠢᠨ ᠡᠮᠦᠨ᠎ᠡ᠂ ᠬᠦᠬᠡᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ 1 — 3 ᠰᠠᠷ᠎ᠠ ᠳᠤ ᠬᠦᠬᠡᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠭᠰᠡᠨ ᠭᠤᠤᠯ ᠪᠤᠯᠬᠤ ᠲᠤᠭ᠎ᠠ ᠪᠠᠷᠢᠮᠳᠠ ᠶᠢ ᠨᠡᠶᠢᠳᠡᠯᠡᠪᠡ᠃ ᠬᠤᠷᠠᠯ ᠠᠴᠠ ᠶᠠᠳᠠᠷᠠᠭᠤᠯᠤᠭᠰᠠᠨ ᠢᠶᠠᠷ᠂ 1 — 3 ᠰᠠᠷ᠎ᠠ ᠳᠤ ᠬᠦᠬᠡᠬᠤᠳᠠ ᠶᠢᠨ ᠪᠠᠶᠢᠴᠠᠭᠠᠬᠤ ᠬᠤᠷᠢᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠬᠠᠷᠰᠢᠯᠠᠭᠰᠠᠨ ᠶᠠᠯᠠᠲᠤ ᠠᠵᠢᠯᠯᠠᠭ᠎ᠠ ᠶᠢᠨ 19 ᠬᠥᠮᠥᠨ ᠢ ᠪᠠᠷᠢᠪᠴᠢᠯᠠᠬᠤ ᠶᠢ ᠵᠦᠪᠰᠢᠶᠡᠷᠡᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠣᠭᠳᠠᠭᠰᠠᠨ ᠶᠠᠯᠠᠳᠣ ᠠᠵᠢᠯᠯᠠᠭ᠎ᠠ ᠶᠢᠨ 6 ᠶᠠᠯ᠎ᠠ ᠶᠢᠨ ᠰᠡᠵᠢᠭᠲᠡᠨ ᠢ ᠬᠢᠨᠠᠨ ᠪᠠᠶᠢᠴᠠᠭᠠᠵᠣ᠂ ᠡᠯ᠎ᠡ ᠵᠦᠢᠯ ᠤᠨ ᠵᠠᠬᠢᠳᠠᠯ ᠰᠤᠷᠪᠤᠯᠵᠢᠯᠠᠭ᠎ᠠ ᠶᠢ 235 ᠬᠦᠯᠢᠶᠡᠨ ᠠᠪᠴᠤ᠂ ᠲᠤᠯᠤᠭᠠᠨ ᠡᠳᠦᠷ ᠤᠨ ᠳᠣᠲᠣᠷ᠎ᠠ ᠪᠦᠬᠦᠨ ᠳᠤᠨᠢ ᠬᠠᠷᠢᠭᠤᠯᠲᠠ ᠥᠭᠴᠡᠢ᠃      ᠬᠦᠬᠡᠬᠤᠳᠠ ᠶᠢᠨ ᠪᠠᠶᠢᠴᠠᠭᠠᠬᠤ ᠪᠠᠶᠢᠭᠤᠯᠭ᠎ᠠ ᠲᠤᠬᠠᠢᠢᠯᠠᠬᠰᠠᠨ ᠠᠵᠢᠯ ᠤᠨ ᠲᠤᠭ᠎ᠠ ᠪᠠᠷᠢᠮᠳᠠ ᠶᠢ ᠵᠠᠳᠠᠯᠵᠤ ᠰᠤᠳᠤᠯᠤᠨ ᠮᠠᠭᠠᠳᠯᠠᠬᠤ ᠶᠢ ᠪᠦᠬᠦ ᠲᠠᠯᠠᠳᠤ ᠴᠢᠨᠠᠷ ᠲᠠᠢ᠂ ᠰᠠᠭᠤᠷᠢ ᠴᠢᠨᠠᠷ ᠲᠠᠢ ᠠᠵᠢᠯ ᠪᠤᠯᠭᠠᠨ ᠠᠳᠬᠤᠵᠤ᠂ ᠲᠤᠬᠠᠢᠢᠯᠠᠬᠰᠠᠨ ᠠᠵᠢᠯ ᠤᠨ ᠪᠠᠶᠢᠳᠠᠯ ᠢ ᠵᠠᠳᠠᠯᠣᠨ ᠮᠠᠭᠠᠳᠯᠠᠵᠤ ᠵᠦᠪᠳᠡᠬᠦ ᠠᠵᠢᠯ ᠤᠨ ᠲᠤᠬᠳᠠᠴᠠ ᠶᠢ ᠬᠦᠢᠴᠡᠳ ᠠᠰᠢᠬᠯᠠᠵᠣ᠂ ᠲᠤᠬᠠᠢᠢᠯᠠᠬᠰᠠᠨ ᠠᠵᠢᠯ ᠤᠨ ᠲᠤᠭ᠎ᠠ ᠪᠠᠷᠢᠮᠲᠠ ᠶᠢ ᠬᠦᠨᠵᠡᠬᠡᠢ ᠠᠭᠤᠳᠠᠯᠬᠤ ᠪᠠ ᠶᠡᠷᠦᠩᠬᠡᠶᠢᠯᠡᠨ ᠵᠠᠳᠠᠯᠵᠤ ᠮᠠᠭᠠᠳᠯᠠᠬᠤ ᠠᠵᠢᠯ ᠢ ᠰᠠᠶᠢᠳᠤᠷ ᠬᠢᠵᠦ ᠪᠣᠢ᠃ ᠲᠤᠭ᠎ᠠ ᠪᠠᠷᠢᠮᠳᠠ ᠶᠢ ᠨᠡᠶᠢᠳᠡᠯᠡᠬᠦ ᠶᠠᠪᠤᠴᠠ ᠳᠤ ᠬᠦᠬᠡᠬᠤᠳᠠ ᠶᠢᠨ ᠪᠠᠶᠢᠴᠠᠭᠠᠬᠤ ᠪᠠᠶᠢᠭᠤᠯᠭ᠎ᠠ ︽ᠬᠠᠤᠯᠢ ᠶᠤᠰᠤᠭᠠᠷ᠂ ᠪᠦᠬᠦ ᠲᠠᠯ᠎ᠠ ᠪᠠᠷ᠂ ᠴᠠᠬ ᠲᠤᠬᠠᠢ ᠳᠤᠨᠢ᠂  ᠵᠢᠷᠤᠮᠵᠢᠯ ᠲᠠᠢ︾ ᠪᠠᠶᠢᠬᠤ ᠵᠠᠷᠴᠢᠮ ᠢ ᠪᠠᠷᠢᠮᠳᠠᠯᠠᠵᠤ᠂ ᠪᠠᠶᠢᠴᠠᠭᠠᠬᠤ ᠠᠵᠢᠯ ᠢ ᠢᠯᠡ ᠪᠤᠯᠭᠠᠬᠤ ᠲᠦᠷᠢᠮ ᠲᠤᠬᠳᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠪᠠᠶᠢᠴᠠᠭᠠᠬᠤ ᠠᠵᠢᠯ ᠢ ᠢᠯᠡ ᠪᠤᠯᠭᠠᠬᠤ ᠠᠷᠭ᠎ᠠ ᠵᠠᠮ ᠪᠠ ᠠᠴᠢᠶᠠᠯᠠᠪᠤᠷᠢ ᠶᠢ ᠦᠷᠬᠡᠳᠬᠡᠵᠦ ᠪᠠᠶᠢᠨ᠎ᠠ᠃      ᠣᠶᠢᠯᠭᠠᠭᠰᠠᠨ ᠢᠶᠠᠷ᠂ ᠬᠦᠬᠡᠬᠤᠳᠠ ᠶᠢᠨ ᠪᠠᠶᠢᠴᠠᠭᠠᠬᠤ ᠬᠤᠷᠢᠶ᠎ᠠ ᠠᠯᠪᠠᠨ ᠤ ᠰᠦᠯᠵᠢᠶ᠎ᠡ ᠶᠢᠨ ᠦᠷᠳᠡᠭᠡ᠂ ᠰᠤᠨᠢᠨ ᠮᠡᠳᠡᠭᠡ ᠨᠡᠶᠢᠳᠡᠯᠡᠬᠦ ᠬᠤᠷᠠᠯ᠂ ᠠᠯᠪᠠᠨ ᠤ ᠪᠢᠴᠢᠯ ᠪᠦᠷᠬᠡ᠂ ᠵᠢᠷᠭᠢᠶ᠎ᠡ ᠶᠢᠨ ᠲᠠᠪᠴᠠᠩ ᠵᠡᠷᠬᠡ ᠪᠠᠨ ᠠᠰᠢᠬᠯᠠᠨ ᠰᠠᠨᠠᠭᠠᠴᠢᠯᠠᠭ᠎ᠠ ᠠᠴᠠ ᠪᠠᠨ ᠨᠡᠶᠢᠬᠡᠮ ᠨᠡᠶᠢᠳᠡ ᠳᠤ ᠴᠢᠬᠤᠯᠠ ᠬᠡᠷᠡᠭ ᠤᠨ ᠮᠡᠳᠡᠭᠡ ᠵᠠᠩᠭᠢ᠂ ᠬᠠᠤᠯᠢ ᠴᠠᠭᠠᠵᠠ ᠶᠢᠨ ᠪᠢᠴᠢᠭ ᠬᠠᠷ᠎ᠠ ᠪᠠᠨ ᠢᠯᠡ ᠪᠣᠯᠭᠠᠨ᠎ᠠ᠃ ᠲᠠᠷᠠᠭᠠᠴᠢ ᠪᠠᠷ ᠬᠦᠬᠡᠬᠤᠳᠠ ᠶᠢᠨ ᠪᠠᠶᠢᠴᠠᠭᠠᠬᠤ ᠬᠤᠷᠢᠶ᠎ᠠ ᠤᠯᠠᠷᠢᠯ ᠢᠶᠠᠷ ᠨᠢᠭᠡᠴᠢ ᠪᠣᠯᠭᠠᠨ ᠲᠤᠬᠠᠢᠢᠯᠠᠬᠰᠠᠨ ᠠᠵᠢᠯ ᠤᠨ ᠲᠤᠭ᠎ᠠ ᠪᠠᠷᠢᠮᠳᠠ ᠪᠠᠨ ᠨᠡᠶᠢᠳᠡᠯᠡᠬᠦ ᠶᠢ ᠪᠠᠶᠢᠩᠭᠤᠵᠢᠭᠤᠯᠬᠤ ᠶᠢᠨ ᠬᠠᠮᠳᠣ ᠲᠤᠬᠠᠢᠢᠯᠠᠬᠰᠠᠨ ᠠᠵᠢᠯ ᠤᠨ ᠲᠤᠭ᠎ᠠ  ᠪᠠᠷᠢᠮᠲᠠ ᠶᠢ ᠢᠯᠡ ᠪᠣᠯᠭᠠᠬᠤ ᠬᠦᠷᠢᠶ᠎ᠡ ᠬᠡᠪᠴᠢᠶ᠎ᠡ ᠪᠠᠨ ᠢᠳᠡᠪᠬᠢᠳᠡᠢ ᠲᠣᠭᠲᠠᠭᠤᠨ ᠢᠶᠠᠷ ᠦᠷᠬᠡᠳᠬᠡᠵᠦ᠂ ᠬᠡᠷᠡᠭ ᠰᠢᠢᠳᠪᠦᠷᠢᠯᠡᠭᠰᠡᠨ ᠲᠤᠭ᠎ᠠ ᠢᠯᠡ ᠪᠤᠯᠭᠠᠬᠤ ᠠᠴᠠ ᠬᠡᠷᠡᠭ ᠰᠢᠢᠳᠪᠦᠷᠢᠯᠡᠬᠦ ᠴᠢᠨᠠᠷ ᠢ ᠢᠯᠡ ᠪᠤᠯᠭᠠᠬᠤ ᠲᠡᠶᠢᠰᠢ ᠤᠷᠳᠤᠳᠬᠠᠵᠤ᠂ ᠬᠡᠷᠡᠭ ᠰᠢᠢᠳᠪᠦᠷᠢᠯᠡᠬᠦ ᠲᠤᠭ᠎ᠠ ᠪᠠᠷᠢᠮᠳᠠ ᠶᠢ ᠢᠯᠡ ᠪᠤᠯᠭᠠᠬᠤ ᠦᠨ᠎ᠡ ᠦᠷᠳᠡᠭ ᠪᠤᠯᠤᠨ ᠪᠦᠳᠦᠮᠵᠢ ᠶᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ᠴᠢᠨᠠᠷ ᠢ ᠲᠠᠰᠤᠷᠠᠯᠳᠠ ᠦᠬᠡᠢ ᠲᠡᠭᠡᠭᠰᠢᠯᠡᠬᠦᠯᠬᠦ ᠶᠢ ᠠᠬᠢᠭᠤᠯᠬᠤ ᠪᠠᠷ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号