ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2020-04-22
     
         4 ᠳ᠋ᠤᠭᠡᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠡᠬᠢᠯᠡᠪᠡ᠃      ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 336 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 316 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      4 ᠡᠳᠦᠷ  ᠶᠠᠪᠤᠭᠳᠠᠬᠤ ᠬᠤᠷᠠᠯ ᠤᠨ ᠬᠤᠭᠤᠴᠠᠭᠠᠨ ᠳᠤ᠂ ᠪᠥᠬᠦ ᠬᠤᠲᠠ ᠶᠢᠨ 300 ᠭᠠᠷᠤᠶ ᠠᠷᠠᠳ ᠤᠨ ᠲᠥᠯᠥᠭᠡᠯᠡᠭᠴᠢᠳ ᠤᠨ  ᠶᠡᠭᠡ ᠬᠤᠷᠠᠯ ᠤᠨ ᠲᠥᠯᠥᠭᠡᠯᠡᠭᠴᠢ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ  ᠬᠦᠢᠴᠡᠳᠭᠡᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ ᠣᠷᠣᠨ ᠤ ᠲᠥᠪ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃      ᠥᠨᠥᠳᠦᠷ ᠤᠨ ᠦᠳᠡ ᠶᠢᠨ ᠡᠮᠦᠨᠡᠬᠢ ᠬᠤᠷᠠᠯ ᠳᠤ ᠨᠡᠶᠢᠳᠡ ᠲᠦᠷᠪᠡᠨ ᠵᠥᠪᠯᠡᠬᠦ ᠵᠦᠢᠯ ᠲᠠᠢ᠄      ᠨᠢᠭᠡ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠵᠠᠩ ᠪᠠᠢ ᠴᠧᠩ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠬᠢᠨ᠎ᠡ︔      ᠬᠤᠶᠠᠷ᠂ ︽ᠬᠥᠬᠡᠬᠤᠲᠠ ᠶᠢᠨ 2019 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ  ᠬᠦᠢᠴᠡᠳᠭᠡᠭᠰᠡᠨ ᠪᠠᠶᠢᠳᠠᠯ ᠬᠢᠭᠡᠳ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠦᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ︾ ᠶᠢ ᠬᠢᠨᠠᠨ ᠪᠠᠶᠢᠴᠠᠭᠠᠨ᠎ᠠ︔      ᠭᠤᠷᠪᠠ᠂ ︽ᠬᠥᠬᠡᠬᠤᠲᠠ ᠶᠢᠨ 2019 ᠣᠨ ᠤ ᠲᠥᠰᠦᠪ ᠢ ᠬᠦᠢᠴᠡᠳᠭᠡᠭᠰᠡᠨ ᠪᠠᠶᠢᠳᠠᠯ ᠪᠣᠯᠤᠨ 2020 ᠣᠨ ᠤ ᠲᠥᠰᠦᠪ ︵ᠲᠥᠰᠦᠯ︶ ᠤᠨ ᠮᠡᠳᠡᠭᠦᠯᠦᠯᠲᠡ︾ ᠶᠢ ᠬᠢᠨᠠᠨ ᠪᠠᠶᠢᠴᠠᠭᠠᠨ᠎ᠠ︔      ᠲᠥᠷᠪᠡ᠂ ᠶᠡᠭᠡ ᠬᠤᠷᠠᠯ ᠤᠨ  ᠲᠡᠷᠢᠭᠦᠯᠡᠭᠴᠢᠳ ᠤᠨ  ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢᠦ ᠮᠢᠨ ︽ ᠬᠦᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶︾ ᠶᠢᠨ ᠲᠤᠬᠠᠢ ᠲᠣᠳᠣᠷᠬᠠᠶᠢᠯᠠᠯᠲᠠ ᠬᠢᠨ᠎ᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ ᠤ ᠠᠯᠪᠠᠨ ᠤ ᠸᠢᠴᠠᠲ ᠲᠠᠪᠴᠠᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号