ᠮᠠᠨ ᠤ ᠬᠤᠲᠠ ᠶᠢᠨ ᠥᠪᠡᠷ ᠤᠨ ᠰᠤᠳᠤᠯᠤᠨ ᠪᠦᠲᠦᠭᠡᠭᠰᠡᠨ ᠠᠷᠢᠭᠤᠳᠬᠠᠬᠤ ᠲᠤᠰᠬᠠᠢ ᠲᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2020-04-22
     ᠣᠷᠴᠢᠮᠬᠠᠨ᠂ ᠴᠢᠩᠭᠢᠰ ᠬᠠᠭᠠᠨ ᠲᠠᠯᠠᠪᠠᠢ ᠳᠡᠭᠡᠷ᠎ᠡ᠂ ᠮᠠᠨ ᠤ ᠬᠤᠲᠠ ᠶᠢᠨ ᠠᠷᠢᠭᠤᠳᠬᠠᠬᠤ ᠠᠵᠤ ᠠᠬᠤᠶᠢᠯᠠᠯ ᠤᠨ ᠥᠪᠡᠷ ᠤᠨ ᠰᠤᠳᠤᠯᠤᠨ ᠪᠦᠲᠦᠭᠡᠭᠰᠡᠨ ᠠᠷᠢᠭᠤᠳᠬᠠᠬᠤ ᠲᠤᠰᠬᠠᠢ ᠲᠡᠷᠭᠡ ᠲᠠᠯᠠᠪᠠᠢ᠂ ᠨᠣᠭᠤᠭᠠᠷᠠᠭᠤᠯᠤᠯᠲᠠ ᠶᠢᠨ ᠪᠦᠰᠡ ᠵᠡᠷᠭᠡ ᠣᠯᠠᠨ ᠨᠡᠶᠢᠲᠡ ᠶᠢᠨ ᠣᠷᠣᠨ ᠪᠦᠰᠡ ᠪᠠᠷ ᠡᠪᠡᠳᠴᠢᠨ ᠤ ᠵᠠᠭᠤᠴᠢ ᠠᠮᠢᠳᠤ ᠪᠣᠳᠠᠰ ᠢ ᠠᠷᠢᠭᠤᠳᠬᠠᠨ ᠠᠷᠢᠯᠭᠠᠵᠠᠢ᠃      ᠣᠶᠢᠯᠭᠠᠭᠰᠠᠨ ᠢᠶᠠᠷ᠂ ᠲᠤᠰ ᠠᠷᠢᠭᠤᠳᠬᠠᠬᠤ ᠲᠡᠷᠭᠡ ᠶᠢ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠵᠦ ᠪᠣᠯᠣᠨ᠎ᠠ᠂ ᠡᠮ ᠪᠣᠳᠠᠰ ᠢ ᠳᠦᠭᠦᠷᠡᠩ ᠰᠠᠪᠠᠯᠠᠭᠰᠠᠨ ᠪᠠᠶᠢᠳᠠᠯ ᠳᠣᠣᠷ᠎ᠠ ᠨᠢᠭᠡ ᠤᠳᠠᠭ᠎ᠠ ᠳᠤ 2000 ᠳᠡᠭᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠨᠣᠭᠤᠭᠠᠷᠠᠭᠤᠯᠤᠯᠲᠠ ᠶᠢᠨ ᠪᠦᠰᠡ᠂ ᠲᠠᠯᠠᠪᠠᠢ᠂ ᠵᠡᠭᠡᠯᠢ ᠭᠤᠳᠤᠮᠵᠢ ᠪᠠ ᠬᠤᠷᠢᠶᠠᠯᠠᠯ ᠵᠡᠷᠭᠡ ᠭᠡᠷ ᠤᠨ ᠭᠠᠳᠠᠨᠠᠬᠢ ᠣᠯᠠᠨ ᠨᠡᠶᠢᠲᠡ ᠶᠢᠨ ᠣᠷᠣᠨ ᠪᠦᠰᠡ ᠶᠢ ᠠᠷᠢᠭᠤᠳᠬᠠᠵᠤ ᠳᠡᠶᠢᠯᠦᠨ᠎ᠡ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠡᠶᠢᠮᠦ ᠵᠦᠢᠯ ᠤᠨ ᠠᠷᠢᠭᠤᠳᠬᠠᠬᠤ ᠲᠡᠷᠭᠡ ᠨᠢ ᠨᠢᠭᠡᠨᠲᠡ ᠰᠢᠨ᠎ᠡ ᠬᠤᠲᠠ ᠲᠣᠭᠤᠷᠢᠭ ᠤᠨ ᠨᠡᠶᠢᠭᠡᠮ ᠲᠣᠭᠤᠷᠢᠭ ᠵᠢᠴᠢ ᠰᠤᠷᠭᠠᠭᠤᠯᠢ ᠶᠢᠨ ᠬᠦᠷᠢᠶ᠎ᠡ ᠵᠡᠷᠭᠡ ᠭᠠᠵᠠᠷ ᠣᠷᠣᠨ ᠤ 30 ᠭᠠᠷᠤᠢ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠷᠢᠭᠤᠳᠬᠠᠬᠤ ᠡᠭᠦᠷᠭᠡ ᠶᠢ ᠪᠡᠶᠡᠯᠡᠭᠦᠯᠵᠡᠢ᠃ᠰᠤᠷᠪᠤᠯᠵᠢᠯᠠᠭᠴᠢ ᠰᠦᠨ ᠶᠦᠸᠧ ᠯᠦᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号