ᠬᠦᠬᠡᠬᠤᠳᠠ ᠶᠢᠨ ᠬᠢᠨ ᠡᠮᠡᠭᠳᠡᠶᠢᠴᠤᠳ ᠢ ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ ᠶᠢ ᠡᠷᠴᠢᠮᠳᠠᠢ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2020-04-22
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠦᠨ ᠯᠢ ᠶᠢᠩ︶ 4 ᠰᠠᠷ᠎ᠠ ᠶᠢᠨ 16 ᠤ ᠡᠳᠦᠷ᠂ ᠬᠦᠬᠡᠬᠤᠳᠠ ᠶᠢᠨ ᠡᠮᠡᠭᠳᠡᠶᠢᠴᠤᠳ ᠤᠨ ᠬᠤᠯᠪᠣᠭ᠎ᠠ ᠲᠠᠯ᠎ᠠ ᠨᠤᠲᠤᠭ ᠤᠨ ᠡᠮᠡᠭᠳᠡᠶᠢᠴᠤᠳ ᠢ ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠲᠤᠰᠬᠠᠢ ᠰᠡᠳᠦᠪᠳᠦ ᠪᠠᠶᠢᠴᠠᠭᠠᠨ ᠰᠤᠳᠤᠯᠤᠯᠳᠠ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠦᠬᠡᠬᠤᠳᠠ ᠶᠢᠨ ᠡᠯ᠎ᠡ ᠬᠤᠰᠢᠭᠤ ᠰᠢᠶᠠᠨ ᠤ ᠡᠮᠡᠭᠳᠡᠶᠢᠴᠤᠳ ᠤᠨ ᠬᠤᠯᠪᠣᠭ᠎ᠠ᠂ ᠡᠮᠡᠭᠳᠡᠶᠢᠴᠤᠳ ᠤᠨ ᠦᠢᠯᠡᠰ ᠪᠤᠰᠬᠠᠬᠤ ᠡᠮᠡᠭᠳᠡᠶᠢᠴᠤᠳ ᠲᠤ ᠠᠵᠢᠯ ᠤᠯᠭᠤᠬᠤ ᠶᠠᠳᠠᠭᠤ ᠠᠴᠠ ᠠᠩᠭᠢᠵᠢᠷᠠᠭᠤᠯᠬᠤ ᠵᠢᠱᠢᠶ᠎ᠡ ᠦᠵᠡᠬᠦᠯᠬᠦ ᠰᠠᠭᠤᠷᠢᠨ ᠤ ᠲᠦᠯᠦᠭᠡᠯᠡᠭᠴᠢ᠂ ᠡᠮᠡᠭᠳᠡᠢ ᠠᠵᠤ ᠠᠬᠤᠢᠢᠯᠠᠯᠳᠠᠠ ᠠᠴᠠ ᠰᠢᠨ᠎ᠡ ᠴᠠᠭ ᠦᠶ᠎ᠡ ᠳᠤ ᠡᠮᠡᠭᠳᠡᠶᠢᠴᠤᠳ ᠪᠣᠯᠣᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠤᠨᠴᠠᠭᠠᠢ  ᠦᠢᠯᠡᠳᠦᠯ ᠢ ᠬᠡᠷᠬᠢᠨ ᠪᠠᠳᠠᠷᠠᠭᠤᠯᠬᠤ ᠲᠤᠬᠠᠢ ᠰᠠᠨᠠᠯ ᠪᠤᠳᠤᠯ ᠢᠶᠠᠨ ᠰᠤᠯᠢᠯᠴᠠᠵᠠᠢ᠃      ᠶᠠᠳᠠᠭᠤ ᠬᠦᠴᠢᠷᠳᠡᠯᠳᠡᠢ ᠡᠮᠡᠭᠳᠡᠶᠢᠴᠤᠳ ᠤᠨ ᠶᠠᠳᠠᠭᠤ ᠠᠴᠠ ᠠᠩᠭᠢᠵᠢᠷᠠᠬᠤ ᠶᠢ ᠬᠦᠳᠦᠯᠦᠨ ᠲᠠᠭᠠᠭᠤᠯᠬᠤ ᠶᠢᠨ ᠲᠦᠯᠦᠭᠡ᠂ ᠬᠦᠬᠡᠬᠤᠳᠠ ᠶᠢᠨ ᠡᠯ᠎ᠡ ᠱᠠᠳᠤᠨ ᠤ ᠡᠮᠡᠭᠳᠡᠶᠢᠴᠤᠳ ᠤᠨ ᠬᠤᠯᠪᠣᠭ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ᠲᠠᠯ᠎ᠠ ᠨᠤᠲᠤᠭ ᠤᠨ ᠡᠮᠡᠭᠳᠡᠶᠢᠴᠤᠳ ᠢ ᠶᠠᠳᠠᠭᠤ ᠠᠴᠠ ᠠᠩᠭᠢᠵᠢᠷᠠᠭᠤᠯᠵᠤ ᠣᠷᠣᠯᠭ᠎ᠠ ᠶᠢ  ᠨᠢ ᠨᠡᠮᠡᠭᠳᠡᠬᠦᠯᠬᠦ ᠳᠤ ᠲᠡᠮᠵᠢᠯᠭᠡ ᠦᠵᠡᠬᠦᠯᠵᠡᠢ᠃ ᠡᠬᠦᠨ ᠤ ᠬᠠᠮᠳᠤ᠂ ᠶᠠᠳᠠᠭᠤ ᠠᠴᠠ ᠠᠩᠭᠢᠵᠢᠷᠠᠭᠤᠯᠬᠤ ᠭᠤᠤᠯᠯᠠᠬᠴᠢ ᠠᠵᠤ ᠦᠢᠯᠡᠰ ᠲᠤᠳᠠᠮᠠᠭ᠂ ᠶᠠᠳᠠᠭᠤ ᠬᠦᠴᠢᠷᠳᠡᠯᠳᠡᠢ ᠡᠮᠡᠭᠳᠡᠶᠢᠴᠤᠳ ᠤᠨ ᠬᠦᠳᠡᠯᠮᠦᠷᠢᠯᠡᠬᠦ ᠴᠢᠳᠠᠪᠤᠷᠢ᠂ ᠮᠡᠷᠭᠡᠵᠢᠯ ᠤᠨ ᠪᠤᠯᠪᠠᠰᠤᠷᠠᠯ ᠬᠦᠷᠦᠯᠴᠡᠬᠦ ᠦᠭᠡᠢ᠂ ᠵᠠᠷᠢᠮ ᠠᠵᠤ ᠠᠬᠤᠢᠢᠯᠠᠯ ᠬᠢᠵᠢᠭ ᠤᠨ ᠪᠠᠶᠢᠳᠠᠯ ᠤᠨ ᠨᠦᠯᠦᠭᠡ ᠠᠴᠠ ᠪᠤᠯᠵᠤ ᠵᠠᠬᠢᠶᠠᠯᠠᠭ᠎ᠠ ᠪᠠᠭᠠᠰᠤᠬᠰᠠᠨ ᠵᠡᠷᠭᠡ ᠲᠠᠯ᠎ᠠ ᠪᠠᠷ ᠮᠦᠨ ᠡᠳᠦᠢ ᠲᠡᠳᠦᠢ ᠠᠰᠠᠭᠤᠳᠠᠯ ᠤᠷᠤᠰᠢᠵᠤ ᠪᠠᠶᠢᠨ᠎ᠠ᠃ ᠲᠠᠷᠠᠭᠠᠴᠢ ᠪᠠᠷ᠂ ᠬᠦᠬᠡᠬᠤᠳᠠ ᠶᠢᠨ ᠡᠯ᠎ᠡ ᠱᠠᠲᠤᠨ ᠤ ᠡᠮᠡᠭᠳᠡᠶᠢᠴᠤᠳ ᠤᠨ ᠬᠤᠯᠪᠣᠭ᠎ᠠ ᠠᠴᠠ ᠪᠦᠳᠦᠮᠵᠢᠳᠡᠢ ᠠᠷᠭ᠎ᠠ ᠠᠪᠴᠠᠯ ᠠᠪᠴᠦ᠂ ᠲᠠᠯ᠎ᠠ ᠨᠤᠲᠤᠭ ᠤᠨ ᠡᠮᠡᠭᠳᠡᠶᠢᠴᠤᠳ ᠢ ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ ᠶᠢ ᠯᠠᠪᠳᠠᠭᠤᠨ ᠪᠠᠳᠤᠳᠠᠢ ᠠᠬᠢᠭᠤᠯᠵᠤ᠂ ᠦᠷᠭᠡᠨ ᠤᠯᠠᠨ ᠡᠮᠡᠭᠳᠡᠶᠢᠴᠤᠳ ᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ ᠳᠤ ᠤᠷᠤᠯᠴᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠲᠠ ᠶᠢ ᠤᠯᠬᠤ ᠳᠤ ᠡᠮᠡᠭᠳᠡᠶᠢᠴᠤᠳ ᠤᠨ ᠬᠦᠴᠦᠨ ᠴᠢᠳᠠᠯ ᠢ ᠪᠠᠳᠠᠷᠠᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号