30 ᠢᠵᠢ ᠪᠡᠶ᠎ᠡ ᠶᠢᠨ ᠬᠠᠯᠠᠭᠤᠨ ᠢ ᠬᠡᠮᠵᠢᠬᠦ ᠰᠢᠰᠲ᠋ᠧᠮ ᠢ ᠬᠦᠬᠡᠬᠤᠳᠠ ᠶᠢᠨ 15 ᠶᠡᠭᠡ ᠳᠡᠬᠡᠳᠤ ᠰᠤᠷᠭᠠᠭᠤᠯᠢ ᠳᠤ ᠬᠠᠨᠳᠢᠪᠯᠠᠪᠠ
ᠨᠡᠶᠢᠲᠡᠯᠡᠭᠰᠡᠨ ᠴᠠᠭ᠄
2020-04-22
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠶᠡᠭᠡ ᠳᠡᠬᠡᠳᠤ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠪᠠᠭᠰᠢ ᠰᠣᠷᠣᠭᠴᠢ ᠠᠵᠢᠯᠲᠠᠳ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠠᠭᠠᠯᠠᠵᠤ᠂ ᠰᠤᠷᠭᠠᠭᠤᠯᠢ ᠶᠢᠨ ᠬᠦᠷᠢᠶᠡᠨ ᠤ ᠬᠡᠪ ᠤᠨ ᠠᠮᠢᠳᠤᠷᠠᠯ ᠵᠢᠭᠠᠨ ᠰᠤᠷᠭᠠᠯᠲᠠ ᠶᠢᠨ ᠡᠮᠬᠢ ᠵᠢᠷᠤᠮ ᠢ ᠪᠠᠳᠤᠯᠠᠵᠤ᠂ ᠰᠤᠷᠭᠠᠭᠤᠯᠢ ᠶᠢᠨ ᠬᠦᠷᠢᠶᠡᠨ ᠳᠤ ᠤᠷᠤᠬᠤ ᠳᠤ ᠪᠡᠶ᠎ᠡ ᠶᠢᠨ ᠬᠠᠯᠠᠭᠤᠨ ᠢ ᠬᠡᠮᠵᠢᠬᠦ ᠬᠤᠭᠤᠴᠠᠭ᠎ᠠ ᠶᠢ ᠤᠯᠠᠮ ᠰᠢᠯᠢᠳᠡᠭᠵᠢᠬᠦᠯᠬᠦ ᠶᠢᠨ ᠲᠦᠯᠦᠬᠡ᠂ 4 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠬᠡᠵᠢᠯ ᠠᠵᠤ ᠦᠢᠯᠡᠳᠪᠦᠷᠢᠯᠡᠯ ᠤᠨ ᠪᠦᠯᠦᠭᠯᠡᠯ ᠤᠨ ᠵᠢᠷᠭᠤᠳᠤᠭᠠᠷ ᠰᠤᠳᠤᠯᠭᠠᠨ ᠤ ᠬᠦᠷᠢᠶᠡᠯᠡᠩ ᠤᠨ ᠮᠡᠳᠡᠭᠡ ᠵᠠᠩᠭᠢ ᠶᠢᠨ ᠲᠥᠪ᠂ ᠥᠪᠥᠷ ᠮᠣᠩᠭᠤᠯ ᠤᠨ ᠰᠦᠨ ᠢ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠦᠢᠯᠡᠴᠢᠯᠡᠭᠡᠨ ᠤ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠲᠤᠷᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠰᠤᠷᠭᠠᠨ ᠬᠥᠮᠥᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠢᠶᠠᠷ ᠳᠠᠮᠵᠢᠭᠤᠯᠤᠨ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠬᠥᠬᠡᠬᠤᠲᠠ ᠳᠤ ᠪᠠᠶᠢᠭ᠎ᠠ 15 ᠶᠡᠭᠡ ᠳᠡᠭᠡᠳᠦ ᠰᠤᠷᠭᠠᠭᠤᠯᠢ ᠳᠤ 54 ᠲᠦᠮᠡᠨ ᠲᠦᠬᠦᠷᠢᠭ ᠤᠨ ᠦᠷᠳᠡᠭ ᠪᠦᠬᠦᠢ 30 ᠢᠵᠢ ᠦᠯᠦ ᠬᠦᠷᠦᠯᠴᠡᠬᠦᠢ ᠬᠥᠮᠦᠨ ᠤ ᠪᠡᠶ᠎ᠡ ᠶᠢᠨ ᠬᠠᠯᠠᠭᠤᠨ ᠢ ᠬᠡᠮᠵᠢᠬᠦ ᠰᠢᠰᠲ᠋ᠧᠮ ᠬᠠᠨᠳᠢᠪᠯᠠᠵᠡᠢ᠃      ︽ᠮᠠᠨ ᠤ ᠰᠤᠷᠭᠠᠭᠤᠯᠢ ᠦᠯᠦ ᠬᠦᠷᠦᠯᠴᠡᠬᠦᠢ ᠪᠡᠶ᠎ᠡ ᠶᠢᠨ ᠬᠠᠯᠠᠭᠤᠨ ᠢ ᠬᠡᠮᠵᠢᠬᠦ 4 ᠰᠠᠭᠤᠷᠢ ᠶᠢ ᠭᠥᠯᠢᠶᠡᠨ ᠠᠪᠴᠠᠢ᠂ ᠰᠤᠷᠭᠠᠭᠤᠯᠢ ᠡᠬᠢᠯᠡᠬᠦ ᠪᠠᠷ ᠪᠡᠯᠡᠳᠬᠡᠯ ᠬᠢᠵᠦ ᠪᠠᠶᠢᠭ᠎ᠠ ᠪᠢᠳᠠᠨ ᠳᠤ ᠠᠪᠴᠤ ᠬᠡᠯᠡᠪᠡᠯ ᠦᠨᠡᠬᠡᠷ ᠳᠠᠭᠠᠷᠠᠭᠰᠠᠨ ᠬᠥᠮᠦᠨ ᠳᠤ ᠳᠠᠬᠤ ᠬᠦᠷᠭᠡᠵᠦ ᠪᠠᠶᠢᠭ᠎ᠠ ᠶᠠᠪᠤᠳᠠᠯ ᠪᠣᠯᠣᠨ᠎ᠠ᠂ ᠡᠨᠡ 4 ᠰᠠᠭᠤᠷᠢ ᠬᠡᠮᠵᠢᠭᠦᠷ ᠪᠢᠳᠡ ᠬᠥᠮᠦᠨ ᠣᠯᠠᠨ ᠴᠤᠭᠯᠠᠷᠠᠳᠠᠭ ᠬᠤᠭᠤᠯᠠᠨ ᠬᠡᠷ ᠪᠠ ᠡᠮᠴᠢᠯᠡᠭᠡᠨ ᠤ ᠭᠠᠵᠠᠷ ᠲᠤ ᠲᠠᠯᠪᠢᠬᠤ ᠪᠠᠷ ᠪᠠᠶᠢᠨ᠎ᠠ᠂ ᠬᠡᠳᠦ᠋ᠢᠪᠡᠷ ᠰᠤᠷᠭᠠᠭᠤᠯᠢ ᠡᠬᠢᠯᠡᠬᠡᠳᠦᠢ ᠪᠤᠯᠪᠠᠴᠤ ᠰᠤᠷᠭᠠᠭᠤᠯᠢ ᠠᠴᠠ ᠰᠤᠷᠭᠠᠭᠤᠯᠢ ᠡᠬᠢᠯᠡᠭᠰᠡᠨ ᠤ ᠳᠠᠷᠠᠭᠠᠬᠢ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠳᠠ ᠶᠢᠨ ᠠᠵᠢᠯ ᠢᠶᠠᠨ ᠰᠠᠶᠢᠳᠤᠷ ᠪᠡᠯᠡᠳᠬᠡᠵᠦ ᠪᠠᠶᠢᠨ᠎ᠠ︾ ᠬᠡᠵᠦ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠮᠠ ᠸᠧᠨ ᠵᠢᠤᠸᠠᠨ ᠬᠡᠯᠡᠵᠦ ᠪᠢᠯᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号