ᠰᠢᠨ᠎ᠡ ᠬᠤᠲᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ︾ ᠶᠢᠨ ᠪᠤᠯᠪᠠᠰᠤᠷᠠᠭᠤᠯᠤᠯ ᠤᠨ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-23
     ᠠᠵᠤ ᠠᠬᠤᠶᠢᠯᠠᠯ ᠢ ᠬᠠᠪᠰᠤᠷᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠨᠠᠷᠢᠨ ᠠᠭᠤᠯᠭ᠎ᠠ ᠵᠢᠴᠢ ᠰᠢᠢᠳᠪᠦᠷᠢᠯᠡᠬᠦ ᠶᠠᠪᠤᠴᠠ ᠶᠢ ᠨᠠᠩ ᠰᠠᠶᠢᠲᠤᠷ ᠤᠶᠢᠯᠠᠭᠠᠵᠤ᠂ ᠣᠯᠠᠨ ᠵᠣᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ ᠳᠠᠷᠣᠭᠠᠰᠤ ᠶᠢ ᠬᠦᠩᠭᠡᠷᠡᠭᠦᠯᠬᠦ ᠶᠢᠨ ᠲᠦᠯᠦᠭᠡ᠂ 2020 ᠣᠨ ᠤ 4 ᠳ᠋ᠦ᠋ᠭᠡᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ ᠂ ᠰᠢᠨ᠎ᠡ ᠬᠤᠲᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯᠤᠨ ᠬᠤᠩ ᠱᠧᠩ ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠲᠤᠷᠠᠨ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ︾ ᠶᠢᠨ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠪᠠ᠃
     ᠬᠤᠷᠠᠯ ᠳᠡᠭᠡᠷ᠎ᠡ ᠰᠢᠨ᠎ᠡ ᠬᠤᠲᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠨ ︽ᠬᠥᠬᠡᠬᠤᠲᠠ ᠶᠢᠨ ᠠᠵᠢᠯ ᠠᠯᠳᠠᠯᠲᠠ ᠶᠢᠨ ᠳᠠᠭᠠᠳᠬᠠᠯ ᠢᠶᠠᠷ ᠡᠵᠡᠩᠨᠡᠯᠲᠡ ᠨᠢ ᠬᠦᠴᠢᠷᠲᠡᠶ ᠮᠥᠷᠲᠡᠭᠡᠨ ᠰᠡᠷᠭᠦᠭᠡᠬᠦ ᠪᠣᠯᠤᠮᠵᠢ ᠲᠠᠢ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ︾᠂ ︽ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠠᠵᠢᠯ ᠡᠷᠢᠬᠦ ᠲᠤᠬᠠᠢ ᠬᠠᠯᠠᠭᠤᠨ ᠳᠣᠲᠣᠨᠣ ᠰᠠᠨᠠᠭᠤᠯᠤᠮᠵᠢ︾᠂ ︽ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ︾᠂ ︽ᠠᠵᠤ ᠠᠬᠤᠶᠢᠯᠠᠯ ᠤᠨ ᠠᠵᠢᠯᠲᠠᠨ ᠠᠵᠢᠯᠴᠢᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠲᠥᠷᠥ ᠶᠢᠨ ᠪᠣᠳᠣᠯᠭ᠎ᠠ︾᠂ ︽ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ ᠪᠤᠰᠤ ᠥᠮᠴᠢᠯᠡᠯ ᠤᠨ  ᠠᠵᠤ ᠠᠬᠤᠶᠢᠯᠠᠯ ᠳᠤ ᠬᠠᠨᠳᠤᠭᠤᠯᠤᠭᠰᠠᠨ ᠴᠢᠳᠠᠪᠤᠷᠢᠲᠠᠨ ᠨᠥᠭᠡᠴᠡᠯᠡᠬᠦ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠲᠥᠷᠥ ᠶᠢᠨ ᠪᠣᠳᠣᠯᠭ᠎ᠠ︾᠂ ︽ᠵᠠᠯᠠᠭᠤᠴᠤᠳ ᠤᠨ ᠳᠠᠳᠤᠯᠭ᠎ᠠ ᠪᠤᠯᠪᠠᠰᠤᠷᠠᠭᠤᠯᠬᠤ ᠲᠥᠯᠥᠪᠯᠡᠭᠡ ᠶᠢᠨ ᠲᠥᠷᠥ ᠶᠢᠨ ᠪᠣᠳᠣᠯᠭ᠎ᠠ︾ ᠵᠡᠷᠭᠡ ᠳᠥᠷᠪᠡᠨ ᠲᠠᠯ᠎ᠠ ᠶᠢᠨ ᠠᠭᠤᠯᠭ᠎ᠠ ᠶᠢᠨ ᠲᠤᠬᠠᠶ ᠲᠠᠶᠢᠯᠤᠮᠵᠢ ᠬᠢᠪᠠ᠃ ᠡᠭᠦᠨ ᠤ ᠬᠠᠮᠲᠤ ᠡᠲᠡᠭᠡᠷ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠨᠢ ᠬᠡᠷᠬᠢᠨ ᠠᠵᠢᠯ ᠤᠨ ᠪᠠᠶᠢᠷᠢ ᠶᠢ ᠲᠤᠭᠲᠠᠪᠤᠷᠢᠵᠢᠭᠤᠯᠬᠤ᠂ ᠠᠵᠢᠯ ᠣᠯᠭᠤᠯᠲᠠ ᠶᠢ ᠠᠬᠢᠭᠤᠯᠬᠤ ᠪᠠ ᠳᠠᠷᠤᠭᠠᠰᠤ ᠶᠢ ᠬᠦᠩᠭᠡᠷᠡᠭᠦᠯᠬᠦ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠪᠠᠳᠠᠷᠠᠭᠤᠯᠬᠤ ᠶᠢ ᠨᠠᠷᠢᠨ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯᠲᠠᠳ ᠰᠤᠷᠤᠯᠴᠠᠯᠭ᠎ᠠ ᠰᠣᠯᠢᠯᠴᠠᠭ᠎ᠠ ᠪᠠᠷ ᠳᠠᠮᠵᠢᠭᠤᠯᠤᠨ ᠡᠲᠡᠭᠡᠷ ᠲᠥᠷᠥ ᠶᠢᠨ ᠪᠣᠳᠣᠯᠭ᠎ᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢᠨ ᠠᠰᠢᠭ ᠲᠤᠰᠠ ᠶᠢ ᠤᠯᠠᠮ ᠨᠢᠭᠡ ᠠᠯᠬᠤᠮ ᠣᠶᠢᠯᠠᠭᠠᠬᠤ ᠪᠠ ᠲᠠᠨᠢᠵᠤ᠂ ᠪᠤᠯᠪᠠᠰᠤᠷᠠᠭᠤᠯᠤᠯ ᠤᠨ ᠠᠭᠤᠯᠭ᠎ᠠ ᠶᠢᠨ ᠲᠤᠬᠠᠶ ᠬᠤᠶᠢᠨ᠎ᠠ ᠬᠤᠶᠢᠨ᠎ᠠ ᠠᠴᠠ ᠪᠠᠨ ᠠᠰᠠᠭᠤᠵᠤ ᠯᠠᠪᠯᠠᠵᠤ ᠬᠠᠷᠢᠯᠴᠠᠨ ᠬᠥᠳᠡᠯᠦᠯᠴᠡᠪᠡ᠃
     ᠲᠣᠰ ᠤᠳᠠᠭᠠᠨ ᠤ ᠰᠢᠨ᠎ᠡ ᠬᠤᠲᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ︾ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠨᠢᠭᠤᠷᠳᠠᠨ ᠠᠵᠤ ᠠᠬᠤᠶᠢᠯᠠᠯ ᠳᠤ ᠲᠥᠷᠥ ᠶᠢᠨ ᠪᠣᠳᠤᠯᠭ᠎ᠠ ᠶᠢᠨ ᠲᠠᠶᠢᠯᠤᠮᠵᠢ ᠬᠢᠵᠦ ᠦᠢᠯᠡᠴᠢᠯᠡᠭᠡ ᠬᠠᠩᠭᠠᠵᠤ᠂ ᠨᠡᠪᠲᠡᠷᠡᠯᠴᠡᠨ ᠵᠢᠯᠤᠭᠤᠳᠬᠤ ᠶᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ᠂ ᠭᠦᠨᠴᠡ ᠪᠠ ᠥᠷᠭᠡᠴᠡ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠠᠵᠢᠯ ᠣᠯᠭᠤᠬᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠶᠢ ᠳᠡᠮᠵᠢᠬᠦ ᠡᠷᠴᠢᠮ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠳᠠᠷᠤᠭᠠᠰᠤ ᠶᠢ ᠨᠢ ᠬᠥᠩᠭᠡᠷᠡᠭᠦᠯᠵᠦ᠂ ᠠᠵᠤ ᠠᠬᠤᠶᠢᠯᠠᠯ ᠤᠨ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号