ᠬᠤᠷᠢᠨᠭᠡᠷ ᠰᠢᠶᠠᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ︽ᠬᠤᠤᠷ ᠬᠦᠨᠦᠭᠡᠯ ᠲᠠᠢ ᠨᠥᠯᠥᠭᠡ ᠶᠢ ᠠᠷᠢᠯᠭᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠢᠯᠠᠭᠳᠠᠰᠢ ᠦᠭᠡᠢ ᠴᠡᠷᠢᠭ ᠢ ᠪᠠᠶᠢᠭᠤᠯᠬᠤ︾ ᠲᠤᠰᠬᠠᠶ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-23
     4 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠬᠤᠷᠢᠨᠭᠡᠷ ᠰᠢᠶᠠᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ︽ᠬᠤᠤᠷ ᠬᠦᠨᠦᠭᠡᠯ ᠲᠠᠢ ᠨᠥᠯᠥᠭᠡ ᠶᠢ ᠠᠷᠢᠯᠭᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠢᠯᠠᠭᠳᠠᠰᠢ ᠦᠭᠡᠢ ᠴᠡᠷᠢᠭ ᠢ ᠪᠠᠶᠢᠭᠤᠯᠬᠤ︾ ᠲᠤᠰᠬᠠᠶ ᠠᠵᠢᠯᠯᠠᠭ᠎ᠠ ᠶᠢ ᠠᠬᠢᠭᠤᠯᠬᠤ ᠬᠤᠷᠠᠯ ᠬᠢᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠴᠢᠤᠸᠠᠨ ᠱᠧᠩ ᠬᠤᠷᠠᠯ ᠢ ᠡᠷᠬᠢᠯᠡᠵᠦ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶᠠᠨ ᠤ ᠭᠤᠣᠯ ᠬᠠᠷᠢᠭᠤᠴᠠᠯᠭᠠᠲᠠᠳ ᠵᠢᠴᠢ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠠᠴᠠ ︽ᠬᠤᠷᠢᠨᠭᠡᠷ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ︿ᠬᠤᠤᠷ ᠬᠦᠨᠦᠭᠡᠯ ᠲᠠᠢ ᠨᠥᠯᠥᠭᠡ ᠶᠢ ᠠᠷᠢᠯᠭᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠢᠯᠠᠭᠳᠠᠰᠢ ᠦᠭᠡᠢ ᠴᠡᠷᠢᠭ ᠢ ᠪᠠᠶᠢᠭᠤᠯᠬᠤ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ︽ᠬᠤᠤᠷ ᠬᠦᠨᠦᠭᠡᠯ ᠲᠠᠢ ᠨᠥᠯᠥᠭᠡ ᠶᠢ ᠠᠷᠢᠯᠭᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠢᠯᠠᠭᠳᠠᠰᠢ ᠦᠭᠡᠢ ᠴᠡᠷᠢᠭ ᠢ ᠪᠠᠶᠢᠭᠤᠯᠬᠤ︾ ᠲᠤᠰᠬᠠᠢ ᠠᠵᠢᠯᠯᠠᠭ᠎ᠠ ᠶᠢ ᠥᠷᠨᠢᠭᠦᠯᠬᠦ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠤᠯᠤᠰ ᠲᠦᠷᠦ ᠪᠠᠲᠤ ᠴᠢᠩᠭ᠎ᠠ ᠂ ᠲᠤᠬᠠᠶᠢᠯᠠᠭᠰᠠᠨ ᠠᠵᠢᠯ ᠳᠠᠭᠠᠨ ᠪᠠᠲᠤ ᠴᠢᠩᠭ᠎ᠠ᠂ ᠬᠠᠷᠢᠭᠤᠴᠠᠯᠭ᠎ᠠ ᠪᠠᠲᠤ ᠴᠢᠩᠭ᠎ᠠ᠂ ᠰᠠᠬᠢᠯᠭ᠎ᠠ ᠪᠠᠲᠤ ᠪᠠᠲᠤ ᠴᠢᠩᠭ᠎ᠠ᠂ ᠣᠪᠣᠷ ᠰᠤᠷᠲᠠᠯ ᠴᠢᠩᠭ᠎ᠠ ᠪᠠᠶᠢᠬᠤ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠤᠪᠢᠰᠬᠠᠯᠵᠢᠬᠤ᠂ ᠵᠢᠷᠤᠮᠵᠢᠭᠤᠯᠬᠤ᠂ ᠲᠤᠰᠬᠠᠶᠢᠵᠢᠬᠤ᠂ ᠮᠡᠷᠭᠡᠵᠢᠬᠦ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶ ᠥᠷᠨᠢᠭᠦᠯᠵᠦ᠂ ᠨᠠᠮ ᠪᠠ ᠠᠷᠠᠳ ᠲᠦᠮᠡᠨ ᠤ ᠢᠲᠡᠭᠡᠵᠦ ᠪᠣᠯᠬᠤ᠂ ᠨᠠᠶᠢᠳᠠᠪᠤᠷᠢᠲᠠᠶ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠢᠯᠠᠭᠳᠠᠰᠢ ᠦᠭᠡᠢ ᠴᠡᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号