ᠬᠤᠲᠠ ᠶᠢᠨ 2019 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ   ᠶᠢ ᠭᠦᠢᠴᠡᠳᠬᠡᠭᠰᠡᠨ ᠪᠠᠶᠢᠳᠠᠯ ᠪᠠ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ ᠶᠢ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠤ ᠳᠡᠪᠰᠢᠭᠦᠯᠵᠦ ᠬᠢᠨᠠᠨ ᠪᠠᠶᠢᠴᠠᠭᠠᠯᠭᠠᠪᠠ
ᠨᠡᠶᠢᠲᠡᠯᠡᠭᠰᠡᠨ ᠴᠠᠭ᠄
2020-04-23
       ︵ ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 22 ᠤᠨ ᠡᠳᠦᠷ᠂ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷ᠎ᠡ᠂ ︽ᠬᠥᠬᠡᠬᠤᠲᠠ ᠶᠢᠨ 2019 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ  ᠭᠦᠢᠴᠡᠳᠬᠡᠭᠰᠡᠨ ᠪᠠᠶᠢᠳᠠᠯ ᠪᠠ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ︾ ᠶᠢ ᠶᠡᠭᠡ ᠬᠤᠷᠠᠯ ᠳᠤ ᠳᠡᠪᠰᠢᠭᠦᠯᠵᠦ ᠬᠢᠨᠠᠨ ᠪᠠᠶᠢᠴᠠᠭᠠᠯᠭᠠᠪᠠ᠃      ᠮᠡᠳᠡᠭᠦᠯᠦᠯᠲᠡ ᠳᠤ 2019 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠢ ᠡᠷᠭᠢᠴᠡᠭᠦᠯᠪᠡ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠬᠤᠷᠸ᠎ᠠ ᠪᠠᠶᠢᠳᠠᠯ ᠳᠣᠣᠷ᠎ᠠ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ  ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠪᠠ ᠢᠳᠡᠪᠬᠢᠲᠡᠢ ᠳᠡᠮᠵᠢᠯᠭᠡ ᠳᠣᠣᠷ᠎ᠠ᠂ ᠬᠦᠴᠦᠨ ᠢᠶᠠᠨ ᠬᠠᠮᠲᠤᠳᠬᠠᠨ ᠰᠡᠳᠬᠢᠯ ᠢᠶᠠᠨ ᠨᠢᠭᠡᠳᠭᠡᠵᠦ  ᠂ ᠬᠦᠴᠢᠷ ᠪᠡᠷᠬᠡ ᠶᠢ ᠢᠯᠠᠨ ᠳᠠᠪᠠᠵᠤ᠂ ᠪᠦᠬᠦ ᠬᠤᠲᠠ ᠶᠢᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠣᠯᠪᠠ᠃      ᠮᠡᠳᠡᠭᠦᠯᠦᠯᠲᠡ ᠳᠤ ᠬᠠᠷᠠᠭᠤᠯᠤᠭᠰᠠᠨ ᠢᠶᠠᠷ᠂ ᠨᠢᠳᠤᠨᠤᠨ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2791.5 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ︔ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠪᠠᠶᠢᠳᠠᠯ ᠢᠶᠠᠨ ᠪᠠᠳᠤᠯᠠᠵᠤ᠂ ᠪᠦᠬᠦ ᠬᠤᠲᠠ ᠶᠢᠨ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤ ᠶᠢᠨ ᠠᠵᠢᠯ ᠣᠯᠣᠭᠰᠠᠨ ᠬᠥᠮᠥᠨ 5.3 ᠲᠦᠮᠡ ᠬᠦᠷᠪᠡ︔  ᠪᠤᠳᠠᠰ ᠤᠨ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ 2.6% ᠪᠠᠷ ᠵᠥᠭᠡᠯᠡᠨ ᠥᠰᠴᠡᠢ︔ ᠪᠦᠬᠦ ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ7.3% ᠥᠰᠴᠦ᠂ ᠪᠦᠬᠦ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠳᠠᠬᠢ ᠬᠤᠪᠢ ᠶᠢᠨ ᠵᠢᠩ ᠤᠨ 66.4% ᠶᠢ ᠡᠵᠡᠯᠡᠪᠡ︔ ᠪᠦᠬᠦ ᠵᠢᠯ ᠤᠨ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠪᠡ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 248 ᠶᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ 600.7 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠪᠦᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ1646.5 ᠳ᠋ᠦᠩᠰᠢᠭᠤᠷ ᠲᠥᠭᠦᠷᠢᠭ ᠬᠦᠷᠴᠦ᠂ 2.7% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 203.1 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠣᠷᠣᠯᠭ᠎ᠠ 29.5% ᠪᠠᠷ ᠨᠡᠮᠡᠭᠳᠡᠪᠡ︔ ᠬᠤᠲᠠ ᠪᠠᠯᠭᠠᠰᠤ ᠪᠠ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰᠪᠦᠷᠢ 49397 ᠲᠥᠭᠦᠷᠢᠭ ᠪᠠ 18974 ᠲᠥᠭᠦᠷᠢᠭ ᠬᠦᠷᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠦᠷ ᠠᠵᠤ ᠠᠬᠤᠢ ᠶᠢᠨ ᠨᠡᠮᠡᠭᠳᠡᠯ ᠢ ᠳᠠᠪᠠᠪᠠ᠃       ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ᠂2020  ᠣᠨ ᠤ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠳᠣᠣᠷᠠᠬᠢ ᠮᠡᠲᠦ ᠰᠠᠨᠠᠭᠠᠴᠢᠯᠠᠪᠠ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ 6% ᠣᠷᠴᠢᠮ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢᠯᠡᠯ ᠤᠨ ᠨᠡᠮᠡᠭᠳᠡᠯ ᠥᠷᠲᠡᠭ ᠤᠨ ᠨᠡᠮᠡᠭᠳᠡᠯ 5.5% ᠣᠷᠴᠢᠮ︔ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠥᠪᠡᠷᠲᠡᠭᠡᠨ ᠵᠠᠰᠠᠬᠤ ᠣᠷᠣᠨ ᠤ  ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠠᠶᠢᠯᠭᠠᠬᠤ ᠦᠭᠡᠢ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ  ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ ᠶᠢᠨ ᠨᠡᠮᠡᠭᠳᠡᠯ 4% ᠣᠷᠴᠢᠮ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠰᠥᠭᠡᠷᠭᠦ ᠨᠡᠮᠡᠭᠳᠡᠯ 2% ᠣᠷᠴᠢᠮ︔ ᠬᠤᠲᠠ ᠬᠥᠳᠡᠭᠡ ᠶᠢᠨ ᠪᠠᠶᠢᠩᠭᠤ  ᠶᠢᠨ ᠰᠠᠭᠤᠭᠠᠯᠢ ᠠᠷᠠᠳ ᠤᠨ  ᠬᠥᠮᠥᠨ ᠳᠤᠮᠳᠠᠴᠢ ᠶᠢᠨ ᠵᠠᠷᠤᠴᠠᠭᠤᠯᠵᠤ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤ ᠶᠢᠨ  ᠪᠠᠶᠢᠴᠠᠭᠠᠭᠰᠠᠨ ᠠᠵᠢᠯ ᠠᠯᠳᠠᠭᠰᠠᠨ ᠨᠣᠷᠮ᠎ᠠ 5.5% ᠣᠷᠴᠢᠮ᠂ ᠳᠠᠩᠰᠠᠯᠠᠭᠰᠠᠨ ᠠᠵᠢᠯ ᠠᠯᠳᠠᠭᠰᠠᠨ ᠨᠣᠷᠮ᠎ᠠ 5.5% ᠶᠢᠨ ᠳᠣᠲᠣᠷ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠨᠡᠮᠡᠭᠳᠡᠯ 3.5% ᠣᠷᠴᠢᠮ︔ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠨᠧᠷᠭᠢ ᠶᠢ ᠠᠷᠪᠢᠯᠠᠵᠤ ᠬᠤᠷᠣᠭᠳᠠᠯ ᠢ ᠪᠠᠭᠠᠰᠬᠠᠬᠤ ᠡᠭᠦᠷᠭᠡ ᠬᠠᠷᠠᠯᠲᠠ ᠶᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号