ᠬᠤᠲᠠ ᠶᠢᠨ 2019 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2020 ᠣᠨ ᠤ ᠲᠥᠰᠥᠪ ᠤᠨ ᠲᠥᠰᠥᠯ ᠤᠨ ᠮᠡᠳᠡᠭᠦᠯᠦᠯᠲᠡ ᠶᠢ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ  ᠶᠡᠭᠡ  ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠤ ᠳᠡᠪᠰᠢᠭᠦᠯᠵᠦ ᠬᠢᠨᠠᠨ ᠪᠠᠶᠢᠴᠠᠭᠠᠯᠭᠠᠪᠠ
ᠨᠡᠶᠢᠲᠡᠯᠡᠭᠰᠡᠨ ᠴᠠᠭ᠄
2020-04-23
       ︵ᠰᠤᠷᠪᠤᠯᠵᠢᠯᠠᠭᠴᠢ ᠯᠢᠦ ᠯᠢ ᠰᠢᠶᠠ︶ 4 ᠳ᠋ᠦ᠋ᠭᠡᠷ ᠰᠠᠷ᠎ᠠ ᠶᠢᠨ 22 ᠤᠨ ᠡᠳᠦᠷ᠂ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷ᠎ᠡ᠂ ︽ᠬᠥᠬᠡᠬᠤᠲᠠ ᠶᠢᠨ 2019 ᠣᠨ ᠤ ᠲᠥᠰᠥᠪ  ᠢ  ᠭᠦᠢᠴᠡᠳᠬᠡᠭᠰᠡᠨ ᠪᠠᠶᠢᠳᠠᠯ ᠪᠠ 2020 ᠣᠨ ᠤ ᠲᠥᠰᠥᠪ ᠤᠨ ᠲᠥᠰᠥᠯ ᠤᠨ ᠮᠡᠳᠡᠭᠦᠯᠦᠯᠲᠡ︾ ᠶᠢ ᠶᠡᠭᠡ ᠬᠤᠷᠠᠯ ᠳᠤ ᠳᠡᠪᠰᠢᠭᠦᠯᠵᠦ ᠬᠢᠨᠠᠨ ᠪᠠᠶᠢᠴᠠᠭᠠᠯᠭᠠᠪᠠ᠃      ᠮᠡᠳᠡᠭᠦᠯᠦᠯᠲᠡ ᠳᠤ 2019 ᠣᠨ ᠤ ᠪᠥᠬᠦ ᠬᠤᠲᠠ ᠶᠢᠨ ᠡᠳ᠋ ᠤᠨ ᠵᠠᠰᠠᠭ ᠤᠨ ᠲᠥᠰᠦᠪ  ᠢ ᠭᠦᠢᠴᠡᠳᠬᠡᠭᠰᠡᠨ ᠪᠠ ᠡᠳ᠋ ᠤᠨ ᠵᠠᠰᠠᠭ ᠤᠨ ᠠᠵᠢᠯᠯᠠᠭᠠᠨ ᠤ ᠭᠤᠤᠯ ᠪᠠᠶᠢᠳᠠᠯ ᠢ ᠪᠥᠬᠦ ᠲᠠᠯ᠎ᠠ ᠪᠠᠷ ᠡᠷᠭᠢᠴᠡᠭᠦᠯᠪᠡ᠃ ᠮᠡᠳᠡᠭᠦᠯᠦᠯᠲᠡ ᠳᠤ ᠢᠯᠡᠳᠬᠡᠭᠰᠡᠨ ᠢᠶᠠᠷ᠄ 2019 ᠣᠨ ᠳᠤ᠂ ᠠᠵᠤ ᠠᠬᠤᠶ ᠶᠢᠨ ᠪᠠᠭᠤᠷᠠᠬᠤ ᠳᠠᠷᠤᠯᠲᠠ ᠶᠡᠬᠡᠰᠴᠦ᠂ ᠬᠦᠴᠢᠷᠳᠡᠯ ᠵᠥᠷᠢᠴᠡᠯ ᠨᠡᠮᠡᠭᠳᠡᠵᠦ ᠪᠠᠶᠢᠭ᠎ᠠ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠶᠢᠳᠠᠯ ᠳᠣᠣᠷ᠎ᠠ᠂ ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠬᠤᠲᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠪᠦᠲᠦᠮᠵᠢᠲᠡᠶ ᠬᠢᠨᠠᠯᠲᠠ ᠳᠣᠤᠷ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2031169 ᠲᠦᠮᠡᠨ ᠲᠥᠭᠦᠷᠢᠭ ᠢ ᠪᠡᠶᠡᠯᠡᠭᠦᠯᠵᠦ᠂ ᠬᠤᠷᠢᠶᠠᠩᠭᠤᠶᠢᠯᠠᠭᠰᠠᠨ ᠲᠥᠰᠦᠪ ᠤᠨ ᠲᠤᠭ᠎ᠠ 2016099 ᠲᠦᠮᠡᠨ ᠲᠥᠭᠦᠷᠢᠭ ᠤᠨ 100.7% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.89% ᠪᠠᠷ ᠪᠠᠭᠤᠷᠠᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠠᠳᠠᠯᠢᠳᠬᠠᠵᠤ ᠪᠣᠯᠣᠰᠢ ᠦᠭᠡᠢ ᠡᠯᠧᠮᠧᠨ᠋ᠲ ᠢ ᠭᠠᠷᠭᠠᠪᠠᠯ ᠠᠳᠠᠯᠢ ᠪᠠᠷᠢᠮᠵᠢᠶ᠎ᠠ ᠪᠠᠷ 9.5% ᠪᠠᠷ ᠨᠡᠮᠡᠭᠳᠡᠪᠡ᠃ ᠪᠦᠬᠦ ᠬᠤᠲᠠ ᠶᠢᠨ ᠡᠩ ᠤᠨ ᠣᠯᠠᠨ ᠨᠡᠢᠲᠡ ᠶᠢᠨ ᠲᠥᠰᠦᠪ ᠤᠨ ᠵᠠᠷᠤᠯᠭ᠎ᠠ 4216582 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 18.1% ᠨᠡᠮᠡᠭᠳᠡᠪᠡ᠃      2019 ᠣᠨ ᠳᠤ᠂ ᠮᠠᠨ ᠤ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠢᠷᠡᠯᠲᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠤᠷᠢᠶᠠᠵᠤ ᠲᠤᠰᠢᠶᠠᠯᠭᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠠᠵᠢᠯ ᠢ ᠶᠡᠬᠡᠪᠡᠷ  ᠴᠢᠩᠭᠠᠳᠬᠠᠵᠤ  ᠂ ᠡᠯ᠎ᠡ ᠵᠦᠢᠯ ᠤᠨ ᠣᠷᠣᠯᠭ᠎ᠠ ᠶᠢᠨ ᠬᠤᠷᠢᠶᠠᠪᠠᠰᠤ ᠵᠣᠬᠢᠬᠤ ᠶᠢ ᠪᠦᠬᠦᠨ ᠢ ᠬᠤᠷᠢᠶᠠᠪᠠ᠃ ᠭᠠᠶᠢᠯᠢ ᠶᠢᠨ ᠣᠷᠣᠯᠭ᠎ᠠ 172.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠦᠬᠦ ᠠᠶᠢᠮᠠᠭ ᠬᠤᠲᠠ ᠶᠢᠨ ᠳᠣᠲᠣᠷ᠎ᠠ ᠨᠢᠭᠡᠳᠦᠭᠡᠷ ᠲᠤ  ᠣᠷᠣᠪᠠ︔ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠯᠠᠭ᠎ᠠ ᠮᠥᠴᠢᠷ ᠤᠨ ᠡᠩ ᠤᠨ ᠵᠠᠷᠤᠯᠭ᠎ᠠ  ᠶᠢ ᠶᠡᠬᠡᠪᠡᠷ ᠪᠠᠭᠠᠰᠬᠠᠵᠤ᠂ ᠪᠡᠯᠡ ᠮᠥᠩᠭᠦ ᠶᠢ ᠨᠢᠭᠡᠳᠦᠯᠲᠡᠢ  ᠲᠥᠯᠥᠪᠯᠡᠨ ᠪᠦᠬᠦ ᠬᠤᠲᠠ ᠶᠢᠨ ᠠᠷᠠᠳ ᠤᠨ ᠠᠮᠢᠳᠤᠷᠠᠯ ᠵᠢᠴᠢ ᠭᠤᠣᠯᠳᠠᠯᠭ᠎ᠠ ᠲᠠᠢ ᠲᠥᠷᠦᠯ ᠵᠦᠢᠯ ᠤᠨ ᠵᠠᠷᠤᠯᠭ᠎ᠠ ᠶᠢ ᠳᠡᠮᠵᠢᠬᠦ ᠳᠤ ᠬᠡᠷᠡᠭᠯᠡᠪᠡ᠃ 2019 ᠣᠨ ᠳᠤ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠳᠤ 299 ᠳ᠋ᠦᠩᠰᠢᠭᠤᠷ ᠲᠥᠭᠦᠷᠢᠭ  ᠵᠠᠷᠤᠴᠠᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠶᠡᠷᠦᠩᠬᠡᠶ ᠵᠠᠷᠤᠯᠭ᠎ᠠ ᠶᠢᠨ 71% ᠶᠢ ᠡᠵᠡᠯᠡᠪᠡ︔ ᠳᠡᠭᠡᠳᠦ ᠱᠠᠲᠤᠨ ᠤ ᠡᠯ᠎ᠡ ᠲᠥᠷᠥᠯ ᠤᠨ ᠪᠡᠯᠡ ᠮᠥᠩᠭᠦ ᠶᠢ ᠢᠳᠡᠪᠬᠢᠲᠡᠢ ᠣᠯᠵᠤ᠂ ᠪᠦᠬᠦ ᠵᠢᠯ ᠳᠤ ᠡᠩ ᠤᠨ ᠰᠢᠯᠵᠢᠭᠦᠯᠦᠨ ᠲᠥᠯᠥᠬᠦ᠂ ᠲᠤᠰᠬᠠᠢ ᠲᠥᠷᠥᠯ ᠤᠨ ᠰᠢᠯᠵᠢᠭᠦᠯᠦᠨ ᠲᠥᠯᠥᠬᠦ ᠪᠡᠯᠡ ᠮᠥᠩᠭᠦ ᠶᠢ ᠨᠡᠶᠢᠲᠡ 156.7 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠪᠦᠬᠦ ᠬᠤᠲᠠ ᠳᠤ ᠡᠯ᠎ᠡ ᠲᠥᠷᠥᠯ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠲᠡ 150 ᠳ᠋ᠦᠩᠰᠢᠭᠤᠷ ᠲᠥᠭᠦᠷᠢᠭ ᠠᠮᠢᠯᠠᠭᠤᠯᠵᠤ᠂ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠲᠥᠷᠥᠯ ᠵᠦᠢᠯ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠬᠦ ᠳᠤ ᠬᠡᠷᠡᠭᠯᠡᠪᠡ᠃ 2019 ᠣᠨ ᠳᠤ ᠡᠯ᠎ᠡ ᠱᠠᠲᠤᠨ ᠤ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠪᠡ᠃ ᠪᠦᠬᠦ ᠬᠤᠲᠠ ᠶᠢᠨ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ 214.43 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠵᠢᠯ ᠤᠨ ᠠᠷᠢᠯᠭᠠᠬᠤ ᠡᠭᠦᠷᠭᠡ ᠶᠢᠨ 136% ᠶᠢ ᠪᠡᠶᠡᠯᠡᠭᠦᠯᠪᠡ︔ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠲᠥᠷᠥᠯ ᠤᠨ ᠪᠠᠯᠠ ᠮᠥᠩᠭᠦ ᠶᠢ ᠨᠡᠶᠢᠲᠡ 4.39 ᠳ᠋ᠦᠩᠰᠢᠭᠤᠷ ᠲᠥᠭᠦᠷᠢᠭ ᠪᠠᠭᠤᠯᠭᠠᠪᠠ︔ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡ ᠮᠥᠩᠭᠦ ᠶᠢ ᠨᠡᠶᠢᠲᠡ 3.8 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠵᠠᠷᠤᠯᠭ᠎ᠠ ᠳᠤ 5.5 ᠳ᠋ᠦᠩᠰᠢᠭᠤᠷ ᠲᠥᠭᠦᠷᠢᠭ᠂ ᠬᠤᠲᠠ ᠶᠢᠨ ᠲᠣᠰ ᠱᠠᠲᠤᠨ ᠠᠴᠠ ᠰᠠᠯᠭᠠᠨ ᠥᠭᠬᠦ ᠣᠢ ᠰᠢᠭᠤᠢ ᠪᠠ ᠴᠡᠴᠡᠷᠯᠢᠭ ᠤᠨ ᠬᠠᠮᠠᠭᠠᠯᠠᠯᠲᠠ ᠶᠢᠨ ᠵᠠᠷᠤᠯᠭ᠎ᠠ ᠳᠤ 8.2 ᠳ᠋ᠦᠩᠰᠢᠭᠤᠷ ᠲᠥᠭᠦᠷᠢᠭ  ᠵᠠᠷᠤᠴᠠᠭᠤᠯᠪᠠ᠃      2020 ᠣᠨ ᠳᠤ᠂  ᠬᠤᠲᠠ ᠶᠢᠨ ᠲᠤᠰ ᠱᠠᠲᠤᠨ ᠤ ᠲᠥᠰᠥᠪ ᠢ ᠨᠠᠶᠢᠷᠠᠭᠤᠯᠬᠤ ᠳᠤ ᠭᠤᠣᠯᠳᠠᠭᠤ ︽ᠨᠠᠷᠢᠨ  ᠪᠣᠳᠣᠵᠣ᠂ ᠨᠢᠭᠡᠳᠦᠯᠲᠡᠢ ᠲᠥᠯᠥᠪᠯᠡᠨ᠂ ᠴᠢᠳᠠᠯ ᠤᠨ ᠢᠶᠠᠨ ᠬᠢᠷᠢ ᠪᠠᠷ  ᠴᠢᠷᠮᠠᠶᠢᠨ ᠬᠢᠵᠦ᠂ ᠪᠠᠲᠤᠯᠠᠬᠤ ᠶᠢᠨ ᠳᠠᠭᠠᠤ ᠪᠠᠭᠠᠰᠬᠠᠨ᠂ ᠭᠤᠣᠯᠳᠠᠯᠭ᠎ᠠ ᠶᠢ ᠳᠣᠪᠣᠶᠢᠯᠭᠠᠬᠤ︾ ᠵᠠᠷᠴᠢᠮ ᠢ ᠢᠯᠡᠷᠡᠭᠦᠯᠪᠡ᠃ 2020 ᠣᠨ ᠳᠤ᠂ ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 1990000 ᠲᠦᠮᠡᠨ ᠲᠥᠭᠦᠷᠢᠭ ᠤᠨ ᠨᠠᠭᠠᠨ᠎ᠠ ᠴᠠᠭᠠᠨ᠎ᠠ ᠬᠦᠷᠭᠡᠬᠦ ᠪᠠᠷ ᠵᠢᠱᠢᠵᠦ᠂ ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 3144486 ᠲᠦᠮᠡᠨ ᠲᠥᠭᠦᠷᠢᠭ ᠪᠡᠶᠡᠯᠡᠭᠦᠯᠬᠦ ᠪᠠᠷ ᠵᠢᠱᠢᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号