4 ᠳ᠋ᠦ᠋ᠭᠡᠷ ᠰᠠᠷ᠎ᠠ ᠶᠢᠨ 22 ᠤᠨ ᠡᠳᠦᠷ᠂ ᠰᠢᠨᠬᠤᠸᠠ ᠰᠦᠯᠵᠢᠶ᠎ᠡ ᠶᠢᠨ ᠥᠪᠥᠷ ᠮᠣᠩᠭᠤᠯ ᠤᠨ ᠬᠤᠪᠢᠶᠠᠷᠢ | ᠺᠣᠮᠫᠠᠨᠢ ᠶᠢᠨ ᠬᠢᠨ ᠰᠢᠨ᠎ᠡ ᠬᠤᠲᠠ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠬᠤᠲᠠ | ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠨ | ᠭᠦᠸᠧ ᠵᠢᠶᠦ᠋ᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠢᠨᠬᠤᠸᠠ ᠰᠦᠯᠵᠢᠶ᠎ᠡ ᠶᠢᠨ ᠥᠪᠥᠷ | ᠮᠣᠩᠭᠤᠯ ᠤᠨ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠢᠦᠶ ᠲᠢᠶᠠᠨ᠂ ᠳᠡᠳ᠋ ᠶᠡᠷᠦᠩᠬᠡᠶ ᠳᠠᠭᠠᠭᠠᠮᠠᠯ | ᠴᠢᠶᠠᠨ ᠸᠧᠶ ᠳ᠋ᠦᠩ᠂ ᠳᠡᠳ᠋ ᠶᠡᠷᠦᠩᠬᠡᠶ ᠨᠠᠶᠢᠷᠠᠭᠤᠯᠤᠭᠴᠢ ᠯᠢ ᠭᠦᠸᠧ ᠳ᠋ᠦᠩ ᠵᠡᠷᠭᠡ ᠬᠥᠮᠦᠰ ᠨᠠᠷ ᠲᠤ ᠰᠢᠨ᠎ᠡ | ᠬᠤᠲᠠ ᠲᠣᠭᠤᠷᠢᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠲᠠᠨᠢᠯᠴᠠᠭᠤᠯᠪᠠ᠃ | | | | | ᠮᠧᠩ ᠼᠤᠤ ᠦᠷ᠎ᠡ ᠶᠢᠨ ᠦᠢᠯᠡᠰ ᠤᠨ ᠺᠣᠮᠫᠠᠨᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠶᠠᠪᠤᠬᠤ ᠶᠢᠨ | ᠳᠠᠭᠠᠤ ᠦᠵᠡᠵᠦ᠂ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ ᠪᠠ ᠦᠷ᠎ᠡ ᠶᠢᠨ ᠦᠢᠯᠡᠰ ᠤᠨ ᠦᠢᠯᠡᠳᠪᠦᠷᠢᠯᠡᠯ ᠤᠨ | ᠰᠢᠰᠲ᠋ᠧᠮ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠰᠢᠰᠲ᠋ᠧᠮ᠂ ᠠᠮᠢ ᠠᠬᠤᠢ ᠶᠢᠨ ᠲᠣᠮᠣ | ᠳ᠋ᠠᠶᠢᠲ᠋ᠠ ᠶᠢᠨ ᠵᠢᠯᠤᠭᠤᠳᠬᠤ ᠰᠢᠰᠲ᠋ᠧᠮ ᠵᠡᠷᠭᠡ ᠠᠭᠤᠯᠭ᠎ᠠ ᠶᠢ ᠨᠠᠷᠢᠨ ᠣᠶᠢᠯᠠᠭᠠᠵᠤ᠂ ᠤᠯᠠᠭᠠᠶ ᠲᠠᠯ᠎ᠠ ᠨᠤᠲᠤᠭ᠂ | ᠵᠠᠯᠠᠶᠢᠨᠠᠭᠤᠷ ᠠᠭᠤᠷᠬᠠᠢ ᠶᠢᠨ ᠣᠷᠣᠨ ᠤ ᠨᠤᠲᠤᠭ ᠪᠡᠯᠴᠢᠭᠡᠷ ᠢ ᠰᠡᠷᠭᠦᠭᠡᠬᠦ ᠠᠵᠢᠯ ᠤᠨ ᠳᠤᠮᠳᠠᠬᠢ ᠨᠠᠷᠢᠨ ᠵᠦᠢᠯᠡᠰ ᠢ | ᠨᠠᠷᠢᠨ ᠯᠠᠪᠯᠠᠨ ᠠᠰᠠᠭᠤᠪᠠ᠃ ᠸᠠᠩ ᠢᠦᠶ ᠲᠢᠶᠠᠨ ᠠᠮᠢ ᠠᠬᠤᠶ ᠶᠢᠨ ᠲᠣᠮᠣ ᠳ᠋ᠠᠶᠢᠲ᠋ᠠ ᠶᠢᠨ ᠵᠢᠯᠣᠭᠤᠳᠬᠤ | ᠰᠢᠰᠲ᠋ᠧᠮ ᠤᠨ ᠡᠮᠦᠨ᠎ᠡ ᠵᠣᠭᠰᠣᠵᠤ᠂ ᠵᠢᠯᠣᠭᠤᠳᠬᠤ ᠰᠢᠰᠲ᠋ᠧᠮ ᠢ ᠬᠠᠮ ᠵᠠᠭᠤᠴᠢᠯᠠᠭᠤᠷ ᠤᠨ ᠦᠢᠯᠡᠳᠬᠦᠨ ᠤ | ᠦᠢᠯᠡᠳᠪᠦᠷᠢᠯᠡᠯ ᠤᠨ ᠳᠤᠮᠲᠠ ᠲᠣᠯᠢ ᠪᠣᠯᠭᠠᠵᠤ ᠪᠤᠯᠤᠨ᠎ᠠ ᠭᠡᠵᠦ ᠢᠯᠡᠷᠬᠡᠶᠢᠯᠡᠪᠡ᠃ | | | | | ᠢᠮᠠᠭᠠᠲᠤ ᠣᠶ ᠰᠢᠭᠤᠶ ᠶᠢᠨ ᠴᠡᠴᠡᠷᠯᠢᠭ ᠪᠠ ᠬᠤᠸᠠᠩ ᠶᠠᠩ ᠱᠠᠨ ᠠᠭᠤᠯᠠᠨ ᠲᠦᠮᠡᠨ ᠮᠥ ᠵᠢᠱᠢᠶ᠎ᠡ | ᠦᠵᠡᠭᠦᠯᠬᠦ ᠣᠷᠣᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠶᠢᠯᠠᠭᠰᠠᠨ ᠵᠢᠮᠢᠰ ᠤᠨ ᠮᠣᠳᠣ᠂ | ᠭᠠᠴᠤᠷ᠎ᠠ᠂ ᠨᠠᠷᠠᠰᠤ ᠵᠡᠷᠭᠡ ᠠᠵᠤ ᠠᠬᠤᠶ ᠪᠠ ᠲᠣᠭᠤᠷᠢᠨ ᠦᠵᠡᠬᠦ ᠮᠣᠳᠣᠨ ᠤ ᠲᠥᠷᠥᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠭᠤᠷᠪᠠᠨ ᠪᠠᠶᠢᠰᠢᠩ ᠣᠶ ᠰᠢᠭᠤᠶ ᠶᠢᠨ ᠲᠠᠯᠠᠪᠠᠶ ᠶᠢᠨ ᠳᠠᠷᠤᠭ᠎ᠠ ᠵᠠᠩ ᠵᠢᠶ | ᠪᠢᠶᠤᠤ ᠶᠢᠨ ᠮᠣᠳᠣ ᠳᠠᠷᠢᠵᠤ ᠣᠶ ᠮᠣᠳᠣ ᠪᠤᠶᠢᠵᠢᠭᠤᠯᠵᠤ ᠣᠶ ᠰᠢᠭᠤᠶ ᠬᠠᠮᠠᠭᠠᠯᠠᠭᠰᠠᠨ ᠥᠯᠢᠭᠡᠷ ᠢ ᠶᠠᠷᠢᠭᠰᠠᠨ ᠢ | ᠰᠤᠨᠤᠰᠪᠠ᠃ ᠰᠤᠷᠪᠤᠯᠵᠢᠯᠠᠭᠴᠢ ᠦᠨᠳᠦᠰᠦᠨ ᠱᠠᠲᠤᠨ ᠳᠤ ᠬᠦᠷᠦᠭᠡᠳ ᠰᠠᠶ᠋ᠢ ᠦᠨᠡᠨᠬᠦ ᠬᠠᠶᠢᠷ᠎ᠠ ᠰᠡᠳᠬᠢᠯᠭᠡ ᠲᠠᠢ᠂ | ᠭᠦᠨᠴᠡ ᠲᠠᠢ ᠦᠯᠢᠭᠡᠷ ᠢ ᠣᠶᠢᠯᠠᠭᠠᠵᠤ ᠴᠢᠳᠠᠨ᠎ᠠ᠂ ᠰᠢᠨᠬᠤᠸᠠ ᠰᠦᠯᠵᠢᠶ᠎ᠡ ᠶᠢᠨ ᠥᠪᠥᠷ ᠮᠣᠩᠭᠤᠯ ᠤᠨ ᠬᠤᠪᠢᠶᠠᠷᠢ | ᠺᠣᠮᠫᠠᠨᠢ ᠰᠢᠨ᠎ᠡ ᠬᠤᠲᠠ ᠲᠣᠭᠤᠷᠢᠭ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠨ᠎ᠡ ᠬᠤᠲᠠ ᠲᠤᠭᠤᠷᠢᠭ ᠢ ᠦᠷᠭᠦᠯᠵᠢᠯᠡᠨ ᠠᠩᠬᠠᠷᠴᠤ᠂ ᠰᠢᠨ᠎ᠡ ᠬᠤᠲᠠ ᠲᠣᠭᠤᠷᠢᠭ ᠢ ᠤᠬᠠᠭᠤᠯᠤᠨ | ᠲᠠᠨᠢᠯᠴᠠᠭᠤᠯᠵᠤ᠂ ᠰᠢᠨ᠎ᠡ ᠬᠤᠲᠠ ᠲᠣᠭᠤᠷᠢᠭ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠬᠤᠲᠠ | ᠲᠣᠭᠤᠷᠢᠭ ᠤᠨ ᠬᠥᠭᠵᠢᠯᠲᠡ ᠶᠢᠨ ᠰᠢᠨ᠎ᠡ ᠬᠢᠯᠠᠰ ᠴᠡᠭ ᠢ ᠭᠦᠨᠵᠡᠭᠡᠶ ᠠᠭᠤᠳᠠᠯᠵᠤ᠂ ᠰᠢᠨ᠎ᠡ ᠬᠤᠲᠠ ᠲᠣᠭᠤᠷᠢᠭ ᠤᠨ | ᠠᠵᠤ ᠠᠬᠤᠶ ᠨᠡᠶᠢᠭᠡᠮ ᠤᠨ ᠬᠦᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃ | | | |