ᠬᠤᠲᠠ ᠶᠢᠨ ᠵᠠᠰᠠᠭ ᠤᠨ ᠣᠷᠳᠣᠨ 2020 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-24
        ᠵᠠᠩ ᠪᠠᠢ ᠴᠧᠩ  ᠡᠷᠬᠢᠯᠡᠵᠦ  ᠯᠥᠸᠧ ᠴᠢᠩ ᠣᠷᠣᠯᠴᠠᠪᠠ       ︵ᠰᠤᠷᠪᠤᠯᠵᠢᠯᠠᠭᠴᠢ ᠯᠢ ᠬᠠᠢ ᠵᠧᠨ︶ 4 ᠳ᠋ᠦ᠋ᠭᠡᠷ ᠰᠠᠷ᠎ᠠ ᠶᠢᠨ 23 ᠤ ᠣᠷᠣᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 17 ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠷᠢ ᠥᠭᠴᠡᠭᠡ ᠶᠢ ᠠᠷᠢᠯᠭᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠣᠷᠣᠨ ᠨᠤᠲᠤᠭ ᠤᠨ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢ ᠲᠡᠭᠦᠯᠳᠡᠷᠵᠢᠬᠦᠯᠬᠦ ᠠᠵᠢᠯ ᠤᠨ ᠲᠥᠰᠥᠯ︾ ᠢ ᠰᠤᠳᠤᠯᠵᠤ᠂ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠴᠢᠬᠤᠯᠠ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠯ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠬᠠᠮᠤᠭ ᠠᠩᠬᠠᠨ ᠤ ᠡᠭᠦᠷᠭᠡ ᠪᠣᠯᠣᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠥᠷᠢ ᠥᠭᠴᠡᠭᠡ ᠶᠢ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠨᠠᠷᠢᠯᠢᠭᠵᠢᠭᠤᠯᠵᠤ᠂ ᠪᠣᠳᠠᠲᠠᠶᠢᠵᠢᠭᠤᠯᠬᠤ ᠬᠡᠷᠡᠭᠲᠡᠢ︔ ᠥᠷᠢ ᠥᠭᠴᠡᠭᠡ ᠶᠢ ᠠᠷᠢᠯᠭᠠᠬᠤ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠥᠷᠢ ᠥᠭᠴᠡᠭᠡ ᠶᠢ ᠲᠠᠬᠢᠨ ᠲᠣᠬᠢᠷᠠᠭᠤᠯᠬᠤ᠂ ᠬᠢᠨᠠᠨ ᠬᠠᠷᠭᠤᠭᠤᠯᠵᠤ ᠪᠠᠭᠠᠰᠬᠠᠬᠤ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠰᠠᠶᠢᠬᠠᠨ ᠠᠰᠢᠭᠯᠠᠨ᠂ ᠰᠠᠶᠢᠬᠠᠨ ᠬᠡᠷᠡᠭᠯᠡᠵᠦ᠂ ᠪᠦᠬᠦ ᠬᠤᠲᠠ ᠶᠢᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠲᠣᠭᠲᠠᠭᠰᠠᠨ ᠴᠠᠭ ᠶᠣᠰᠣᠭᠠᠷ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠪᠠ ᠥᠪᠡᠷᠲᠡᠭᠡᠨ ᠵᠠᠰᠠᠬᠤ ᠣᠷᠣᠨ  ᠠᠴᠠ ︽ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠤ ᠭᠤᠣᠯ ᠵᠣᠷᠢᠯᠭ᠎ᠠ ᠨᠢ ᠤᠯᠤᠰ ᠤᠨ ᠦᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠥᠷᠥᠩᠭᠡ ᠭᠠᠷᠭᠠᠭᠰᠠᠨ ᠬᠥᠮᠥᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠨ᠂ ᠤᠯᠤᠰ ᠤᠨ ᠦᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠴᠤ᠂ ᠤᠯᠤᠰ ᠤᠨ ᠦᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠡᠵᠡᠩᠨᠡᠯᠲᠡ ᠶᠢᠨ ᠠᠰᠢᠭᠯᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠯᠤᠰ ᠤᠨ ᠦᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠥᠷᠲᠡᠭ ᠢ ᠬᠠᠳᠠᠭᠠᠯᠠᠵᠤ ᠥᠷᠲᠡᠭ ᠢ ᠨᠡᠮᠡᠭᠳᠡᠭᠦᠯᠬᠦ ᠳᠤ ᠪᠣᠢ᠃ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ  ᠨᠡᠶᠢᠴᠡᠬᠦ ᠪᠠᠷ ᠪᠠᠷᠠᠬᠤ ᠦᠭᠡᠢ᠂ ᠮᠠᠨ ᠤ ᠬᠤᠲᠠ ᠶᠢᠨ ᠪᠣᠳᠠᠲᠠᠢ ᠳᠤ  ᠨᠡᠶᠢᠴᠡᠬᠦ  ︽ᠠᠵᠢᠯ ᠤᠨ ᠲᠥᠰᠥᠯ︾ ᠢ ᠲᠣᠭᠲᠠᠭᠠᠨ ᠨᠡᠶᠢᠲᠡᠯᠡᠬᠦ ᠨᠢ ᠮᠠᠰᠢ ᠴᠢᠬᠤᠯᠠ ᠲᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠠᠵᠢᠯ ᠤᠨ ᠲᠥᠰᠥᠯ︾ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠵᠢᠷᠤᠮᠯᠠᠨ᠂ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠵᠤ᠂ ᠬᠠᠤᠯᠢ ᠲᠣᠭᠲᠠᠭᠠᠯ  ᠶᠤᠰᠤᠭᠠᠷ ᠤᠯᠤᠰ ᠤᠨ ᠦᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢ ᠰᠠᠶᠢᠨ ᠬᠠᠮᠢᠶᠠᠷᠴᠤ ᠰᠠᠶᠢᠬᠠᠨ ᠬᠡᠷᠡᠭᠯᠡᠨ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠭᠦᠯᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ ᠪᠠᠰᠠ ᠪᠤᠰᠤᠳ ᠵᠦᠢᠯᠡᠰ ᠢ ᠰᠤᠳᠤᠯᠪᠠ᠃      ᠬᠤᠲᠠ  ᠶᠢᠨ ᠤᠳᠤᠷᠢᠳᠤᠯᠭ᠎ᠠ ᠯᠥᠸᠧ ᠴᠢᠩ᠂ ᠯᠢᠦ ᠸᠧᠨ ᠢᠦᠢ᠂ ᠬᠤᠸᠠᠩ ᠵᠢᠢ ᠭᠠᠩ᠂ ᠰᠢᠦᠢ ᠷᠦᠢ ᠰᠢᠶᠠ᠂ ᠪᠢ ᠭᠥᠸᠧ ᠴᠧᠨ᠂ ᠹᠦ᠋ ᠪᠢᠨ᠂ ᠴᠢᠶᠥᠥ ᠶᠦᠨ ᠯᠢ᠂ ᠵᠠᠩ ᠭᠥᠸᠧ ᠫᠢᠩ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号