ᠸᠠᠩ ᠯᠢ ᠰᠢᠶᠠ ᠴᠢᠩ ᠱᠦᠢ ᠾᠧ ᠰᠢᠶᠠᠨ ᠤ  ᠲᠦᠯᠦᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ  ︽ᠬᠥᠬᠡᠮᠳᠦᠭ ᠨᠤᠭᠤᠭᠠᠨ ᠠᠭᠤᠯᠠ ᠤᠰᠤ ᠪᠣᠯ ᠲᠠᠷᠤᠢ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠥᠬᠡᠮᠳᠦᠭ ᠨᠤᠭᠤᠭᠠᠨ ᠠᠭᠤᠯᠠ ᠤᠰᠤ ᠪᠠᠷ ᠴᠢᠩ ᠱᠦᠢ ᠾᠧ ᠰᠢᠶᠠᠨ ᠤ ᠣᠳᠣ ᠪᠠ ᠢᠷᠡᠭᠡᠳᠦᠢ ᠳᠤ  ᠪᠣᠶᠠᠨ ᠦᠢᠯᠡᠳᠬᠦ ᠭᠡᠷᠡᠭᠳᠡᠢ
ᠨᠡᠶᠢᠲᠡᠯᠡᠭᠰᠡᠨ ᠴᠠᠭ᠄
2020-04-24
    4  ᠳ᠋ᠤᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠲᠡᠭᠦᠨ ᠤ ᠪᠠᠶᠢᠭ᠎ᠠ ᠴᠢᠩ ᠱᠦᠶ ᠾᠧ ᠰᠢᠶᠠᠨ ᠤ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠡᠭᠡᠨ᠂ ᠴᠢᠩ ᠱᠦᠶ ᠾᠧ ᠰᠢᠶᠠᠨ ᠨᠢ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ  ᠬᠦᠭᠵᠢᠬᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ  ᠵᠠᠮᠨᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ  ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ  ᠤᠯᠤᠰ ᠤᠨ ᠪᠠᠶᠢᠯᠳᠤᠬᠤ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠬᠤᠩᠭᠢᠯ ᠪᠠ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠠᠵᠤ ᠠᠬᠤᠶ ᠶᠢᠨ ᠪᠦᠰᠡ ᠶᠢ ᠴᠣᠭᠴᠠᠯᠠᠬᠤ ᠲᠡᠤᠬᠡᠨ ᠠᠵᠠ ᠲᠣᠬᠢᠶᠠᠯ ᠢ ᠵᠠᠪᠳᠤᠨ ᠠᠳᠬᠤᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠤᠢ ᠠᠯᠲᠠ ᠮᠥᠩᠭᠦᠨ ᠠᠭᠤᠯᠠ ᠮᠥᠨ︾  ᠤ ᠰᠢᠳᠤᠷᠭᠤ  ᠦᠢᠯᠡᠳᠦᠯᠭᠡᠵᠢᠭᠦᠯᠦᠭᠴᠢ ᠪᠣᠯᠵᠣ᠂  ᠦᠢᠯᠡ ᠠᠵᠢᠯᠯᠠᠭ᠎ᠠ ᠪᠠᠷ ᠢᠶᠠᠨ ᠪᠢᠴᠢᠭᠯᠡᠨ᠂ ᠡᠭᠦᠷᠭᠡᠯᠡᠯ ᠢᠶᠠᠷ ᠢᠶᠠᠨ ᠬᠦᠰᠡᠯ ᠵᠡᠭᠦᠳᠦ ᠪᠠᠨ ᠴᠣᠭᠴᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠠᠷ ᠴᠢᠩ ᠱᠦᠶ  ᠡᠾᠧ ᠤᠨ ᠤᠳᠤ ᠪᠠ ᠢᠷᠡᠭᠡᠳᠦᠢ ᠳᠤ ᠪᠤᠶᠠᠨ  ᠦᠢᠯᠡᠳᠬᠦ ᠬᠡᠷᠡᠭᠳᠡᠢ ᠭᠡᠵᠦ ᠴᠢᠬᠤᠯᠠᠴᠢᠯᠠᠪᠠ  ᠃    ᠴᠢᠩ ᠱᠦᠶ ᠾᠧ ᠰᠢᠶᠠᠨ ᠤ ᠲᠥᠯᠥᠭᠡᠯᠡᠭᠴᠢᠳ ᠤᠨ ᠪᠦᠯᠬᠦᠮ ᠤᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠶᠢᠨ ᠦᠷ᠎ᠡ ᠪᠦᠳᠦᠮᠵᠢ ᠪᠠᠨ ᠳ᠋ᠦᠩᠨᠡᠩᠰᠡᠨ ᠨᠢ ᠦᠨᠡᠨ ᠠᠴᠠ ᠵᠦᠪ ᠢ ᠡᠷᠢᠵᠦ᠂ ᠪᠠᠶᠢᠳᠠᠯ ᠢ  ᠵᠠᠳᠠᠯᠤᠭᠰᠠᠨ ᠨᠢ ᠪᠤᠰᠤᠳᠴᠢ ᠵᠥᠪ ᠣᠨᠣᠪᠴᠢᠲᠠᠶ᠂ ᠠᠵᠢᠯ ᠢ  ᠪᠠᠶᠢᠷᠢᠯᠠᠭᠤᠯᠤᠭᠰᠠᠨ  ᠠᠷᠭ᠎ᠠ ᠭᠡᠮᠵᠢᠶ᠎ᠡ ᠨᠢ ᠬᠦᠴᠦᠳᠡᠢ ᠪᠠᠶᠢᠵᠤ᠂  ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠷᠢᠭ ᠰᠠᠨᠠᠭ᠎ᠠ ᠶᠢ  ᠲᠤᠭᠤᠷᠠᠳᠠᠯ᠎ᠠ ᠣᠶᠢᠯᠠᠭᠠᠵᠤ  ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ ᠴᠢᠩᠭ᠎ᠠ ᠠᠳᠬᠤᠵᠤ᠂ ᠠᠷᠠᠳ ᠣᠯᠠᠨ ᠤ ᠬᠦᠰᠡᠯ ᠡᠷᠡᠮᠡᠯᠵᠡᠯ ᠢ ᠣᠨᠣᠪᠴᠢᠲᠠᠶ  ᠡᠵᠡᠮᠰᠢᠵᠦ᠂  ᠤᠯᠤᠰ ᠲᠥᠷᠥ ᠶᠢᠨ  ᠥᠨᠳᠦᠷᠴᠡ   ᠲᠠᠢ᠂  ᠡᠭᠦᠷᠭᠡᠯᠡᠯ ᠤᠨ  ᠡᠷᠴᠢ ᠲᠠᠢ  ᠂ ᠠᠷᠠᠳ ᠤᠨ ᠠᠮᠢᠳᠤᠷᠠᠯ ᠤᠨ  ᠢᠯᠴᠢ ᠲᠠᠢ ᠰᠠᠶᠢᠨ ᠮᠡᠳᠡᠭᠦᠯᠦᠯᠲᠡ  ᠪᠤᠯᠤᠯ᠎ᠠ ᠭᠡᠵᠦ ᠣᠯᠠᠨ ᠢᠶᠠᠷ ᠢᠶᠠᠨ ᠰᠠᠨᠠᠯ ᠨᠢᠭᠡᠲᠡᠶ  ᠦᠵᠡᠵᠡᠭᠡᠪᠡ  ᠃    ᠲᠥᠯᠥᠭᠡᠯᠡᠭᠴᠢᠳ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ᠂ ᠠᠵᠤ  ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠶᠢ ᠲᠡᠭᠦᠯᠳᠡᠷᠵᠢᠭᠦᠯᠬᠦ᠂ ᠵᠢᠭᠤᠯᠴᠢᠯᠠᠯ ᠤᠨ ᠤᠬᠠᠭᠤᠯᠭ᠎ᠠ ᠶᠢᠨ ᠡᠷᠴᠢᠮ ᠢ  ᠴᠢᠩᠭᠠᠯᠠᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ   ᠪᠠᠨ ᠨᠡᠮᠡᠭᠳᠡᠭᠦᠯᠬᠦ ᠵᠡᠷᠭᠡ ᠲᠠᠯ᠎ᠠ ᠪᠠᠷ ᠳᠤᠷᠠᠳᠤᠭᠰᠠᠨ ᠰᠠᠨᠠᠯ ᠪᠠ  ᠰᠠᠨᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ ᠵᠢᠭᠠᠵᠤ ᠭᠠᠷᠭᠠᠭᠰᠠᠨ ᠨᠢ᠂ ᠴᠢᠩ ᠱᠦᠶ ᠾᠧ ᠰᠢᠶᠠᠨ ᠣᠲᠣ ᠶᠢᠨ ᠪᠠᠶᠢᠭ᠎ᠠ ᠠᠮᠢ ᠠᠬᠤᠶ ᠶᠢᠨ ᠰᠠᠭᠤᠷᠢ ᠳᠤ   ᠪᠠᠨ ᠲᠦᠰᠢᠭᠯᠡᠨ᠂ ᠠᠮᠢ ᠠᠬᠤᠶ ᠶᠢᠨ ᠲᠠᠯ᠎ᠠ ᠪᠠᠷ   ᠬᠢ  ᠠᠵᠢᠯ ᠢ ᠰᠠᠶᠢᠲᠤᠷ ᠬᠢᠬᠦ ᠳᠡᠭᠡᠷ᠎ᠡ ᠬᠦᠴᠦ ᠲᠠᠯᠪᠢᠵᠤ᠂ ᠨᠢᠭᠡ ᠲᠠᠯ᠎ᠠ ᠪᠠᠷ ᠠᠮᠢ ᠠᠬᠤᠶ ᠶᠢᠨ ᠬᠠᠮᠠᠭᠠᠯᠠᠯᠲᠠ ᠶᠢ ᠠᠳᠬᠤᠵᠤ᠂ ᠨᠢᠭᠡ ᠲᠠᠯ᠎ᠠ ᠪᠠᠷ  ᠲᠤᠭᠲᠠᠬᠤ ᠴᠢᠩ  ᠱᠦᠢ  ᠡᠾᠧ ᠤᠨ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ   ᠠᠳᠬᠤᠬᠤ ᠬᠡᠷᠡᠭᠳᠡᠢ᠃ ᠰᠢᠨᠵᠢᠯᠡᠬᠦ ᠤᠬᠠᠭᠠᠨᠴᠢ ᠬᠠᠮᠢᠶᠠᠷᠤᠯᠲᠠ ᠠᠴᠠ ᠦᠷ᠎ᠡ ᠠᠰᠢᠭ ᠣᠯᠵᠤ᠂ ᠤᠶᠤᠨᠲᠤ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠬᠤ ᠬᠡᠷᠡᠭᠲᠡᠶ︔ ᠴᠢᠩ ᠱᠦᠶ ᠾᠧ ᠰᠢᠶᠠᠨ ᠪᠣᠯᠤᠨ  ᠬᠦᠬᠡᠬᠤᠲᠠ ᠶᠢᠨ  ᠬᠤᠷᠳᠤᠨ ᠤ ᠵᠠᠰᠠᠮᠠᠯ ᠵᠠᠮ ᠤᠨ ᠪᠦᠲᠦᠭᠡᠨ  ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠥᠭᠦᠮ ᠳᠥᠲᠡ ᠵᠠᠮ ᠬᠠᠷᠢᠯᠴᠠᠭᠠᠨ ᠤ ᠲᠣᠤᠷ ᠢ  ᠪᠠᠶᠢᠭᠤᠯᠵᠤ᠂ ᠮᠠᠨ ᠤ ᠬᠤᠲᠠ ᠶᠢᠨ ᠰᠢᠶᠠᠨ ᠪᠣᠯᠭᠠᠨ ᠬᠤᠷᠳᠤᠨ ᠤ ᠵᠠᠰᠠᠮᠠᠯ ᠵᠠᠮ ᠨᠡᠪᠲᠡᠷᠡᠭᠦᠯᠬᠦ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ︔  ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠤ ᠲᠠᠯ᠎ᠠ ᠪᠠᠷ ᠢᠮᠠᠭᠳᠠ ᠴᠦᠭᠦᠷᠡᠰᠢ ᠦᠭᠡᠢ  ᠬᠦᠴᠦ ᠤᠷᠤᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠤᠨ ᠪᠤᠵᠠᠭᠠᠶᠢᠷᠠᠨ ᠰᠢᠯᠢᠳᠡᠭᠵᠢᠵᠦ ᠬᠦᠴᠦᠷᠬᠡᠭᠵᠢᠬᠦ ᠶᠢ ᠬᠦᠴᠦᠯᠡᠨ  ᠲᠡᠮᠵᠢᠵᠦ  ᠂ ᠴᠢᠩ ᠱᠦᠢ ᠾᠧ ᠰᠢᠶᠠᠨ ᠤ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ  ᠭᠠᠳᠠᠭᠰᠢ ᠭᠠᠷᠭᠠᠵᠤ᠂  ᠬᠦᠮᠦᠰ ᠲᠠᠨᠢᠵᠤ  ᠮᠡᠳᠡᠭᠡᠳᠦᠢ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ  ᠲᠦᠷᠦᠯ ᠲᠡᠮᠳᠡᠭ ᠤᠨ ᠨᠡᠩ  ᠬᠤᠯᠠ ᠶᠠᠪᠤᠬᠤ ᠳᠤ ᠬᠠᠪᠰᠤᠷᠬᠤ ᠬᠡᠷᠡᠭᠳᠡᠢ ᠭᠡᠵᠡᠢ᠃       ᠸᠠᠩ ᠯᠢ ᠰᠢᠶᠠ ᠴᠢᠬᠤᠯᠠᠴᠢᠯᠠᠭᠰᠠᠨ ᠨᠢ᠂ ᠭᠦᠨᠵᠡᠭᠡᠢ ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠭᠦᠨᠵᠡᠭᠡᠢ ᠠᠭᠤᠳᠠᠯᠵᠤ᠂ ᠬᠠᠳᠤᠨ ᠭᠤᠣᠯ ᠳᠠᠭᠠᠤ ᠶᠢᠨ ᠰᠣᠶᠣᠯ  ᠵᠢᠭᠤᠯᠴᠢᠯᠠᠯ ᠤᠨ ᠠᠵᠤ ᠦᠢᠯᠡᠰ ᠤᠨ ᠠᠵᠢᠯ ᠢ ᠰᠠᠶᠢᠲᠤᠷ ᠬᠢᠵᠦ᠂  ᠰᠠᠶᠢᠬᠠᠨ ᠨᠤᠲᠤᠭ ᠤᠷᠤᠨ ᠰᠠᠶᠢᠨ ᠠᠮᠢ ᠠᠬᠤᠢ  ᠪᠠᠨ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠦᠯᠵᠢᠶᠡᠨ ᠤ ᠮᠡᠳᠡᠭᠡ ᠵᠠᠩᠭᠢ ᠶᠢᠨ ᠴᠠᠭ ᠦᠶ᠎ᠡ ᠶᠢᠨ ᠳᠥᠲᠡ ᠲᠦᠷᠭᠡᠨ ᠤᠬᠠᠭᠤᠯᠭ᠎ᠠ ᠶᠢᠨ ᠠᠷᠭ᠎ᠠ ᠮᠠᠶ᠋ᠢᠭ ᠢ  ᠬᠦᠢᠴᠡᠳ ᠠᠰᠢᠭᠯᠠ᠂ ︽ᠬᠠᠳᠤᠨ ᠭᠤᠤᠯ ᠤᠨ ᠦᠯᠢᠭᠡᠷ︾ ᠢ ᠰᠠᠶᠢᠲᠤᠷ ᠶᠠᠷᠢᠵᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ  ᠠᠬᠢᠭᠤᠯᠵᠤ᠂ ᠣᠷᠣᠨ ᠪᠦᠰᠡ ᠶᠢᠨ ᠬᠠᠳᠤᠨ ᠭᠤᠤᠯ ᠳᠠᠭᠠᠤ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠳᠡᠰ  ᠳᠠᠪᠬᠤᠷᠭ᠎ᠠ ᠪᠠ ᠬᠢᠷᠢ  ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号