ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠪᠤᠤ ᠥᠷᠭᠡᠨ︶ 4 ᠰᠠᠷ᠎ᠠ ᠶᠢᠨ | 20 ᠤ ᠡᠳᠦᠷ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠠᠵᠢᠯ ᠤᠨ ᠶᠠᠷᠢᠯᠴᠠᠬᠤ | ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠠᠨᠳᠤ ᠶᠢ | ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠶᠢ ᠬᠡᠷᠡᠭᠵᠢᠭᠦᠯᠬᠦ ᠲᠥᠰᠦᠯ︾ ᠳᠤ ᠵᠠᠳᠠᠯᠤᠯᠲᠠ ᠬᠢᠭᠰᠡᠨ ᠪᠦᠭᠡᠳ | ᠳᠠᠷᠠᠭᠠᠴᠢ ᠶᠢᠨ ᠭᠤᠣᠯᠳᠠᠯᠭ᠎ᠠ ᠲᠠᠢ ᠪᠠ ᠬᠦᠴᠢᠷᠲᠡᠶ ᠠᠵᠢᠯ ᠤᠨ ᠲᠤᠬᠠᠶ ᠰᠤᠳᠤᠯᠤᠯᠳᠠ ᠬᠢᠪᠠ᠃ ᠬᠤᠷᠠᠯ ᠳᠡᠭᠡᠷ᠎ᠡ | ᠪᠠᠰᠠ ᠪᠥᠬᠦ ᠠᠷᠠᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠬᠥᠭᠵᠢᠭᠦᠯᠬᠦ ᠪᠠ ᠨᠡᠶᠢᠳᠭᠡᠬᠦ ᠲᠤᠬᠠᠶ | ᠰᠤᠳᠤᠯᠤᠨ ᠶᠠᠷᠢᠯᠴᠠᠵᠤ᠂ ᠬᠠᠮᠢᠶ᠎ᠠ ᠪᠥᠬᠦᠶ ᠨᠡᠶᠢᠭᠡᠮᠯᠢᠭ ᠤᠨ ᠬᠠᠷᠢᠭᠤᠴᠠᠯᠭᠠᠲᠠᠨ ᠣᠳᠣᠬᠠᠨ ᠤ ᠨᠡᠶᠢᠭᠡᠮ ᠤᠨ | ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠢ ᠬᠠᠷᠢᠭᠤ ᠮᠡᠳᠡᠭᠦᠯᠬᠦ ᠶᠢᠨ ᠬᠠᠮᠲᠤ | ᠨᠡᠶᠢᠳᠭᠡᠬᠦ ᠰᠡᠳᠬᠢᠴᠡ ᠪᠠᠨ ᠳᠤᠷᠠᠳᠤᠨ ᠭᠠᠷᠭᠠᠪᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ | ᠠᠷᠠᠳ ᠤᠨ ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠠᠵᠢᠯ ᠪᠣᠯ ᠡᠨᠡ ᠵᠢᠯ ᠤᠨ | ᠭᠤᠣᠯᠳᠠᠯᠭ᠎ᠠ ᠲᠠᠢ ᠠᠵᠢᠯ ᠤᠨ ᠨᠢᠭᠡ ᠪᠣᠯᠣᠨ᠎ᠠ᠂ ᠡᠯ᠎ᠡ ᠬᠤᠯᠪᠤᠭᠳᠠᠯ ᠪᠥᠬᠦᠶ ᠨᠢᠭᠡᠴᠢ ᠪᠡᠶ᠎ᠡ ᠶᠢᠨ ᠲᠠᠮᠢᠷ ᠤᠨ ᠡᠷᠡᠭᠦᠯ | ᠮᠡᠨᠳᠦ ᠶᠢ ᠠᠬᠢᠭᠤᠯᠬᠤ ᠲᠠᠯ᠎ᠠ ᠪᠠᠷ ᠬᠢ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠣᠯᠤᠨ ᠪᠥᠬᠦ ᠠᠷᠠᠳ ᠤᠨ | ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠶ | ᠬᠡᠵᠦ ᠴᠢᠬᠤᠯᠠᠴᠢᠯᠠᠵᠡᠢ᠃ |