| | | | | | | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠫᠠᠶᠢᠰᠠ ᠡᠯᠭᠦᠨ ᠳᠠᠶᠢᠯᠠᠯᠳᠤᠭᠠᠨ ᠢ ᠰᠢᠮᠳᠠᠭᠤᠯᠬᠤ ᠲᠥᠰᠦᠯ︾᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠪᠥᠬᠦ ᠣᠷᠣᠨ ᠤ ᠬᠥᠳᠡᠯᠮᠦᠷᠢᠯᠡᠬᠦ ᠴᠢᠳᠠᠪᠤᠷᠢ ᠥᠬᠡᠶ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠠᠮᠢᠳᠤᠷᠠᠯ ᠢ ᠪᠠᠲᠤᠯᠠᠬᠤ ᠫᠠᠶᠢᠰᠠ ᠡᠯᠭᠦᠨ | ᠳᠠᠶᠢᠯᠠᠯᠳᠤᠭᠠᠨᠨ ᠢ ᠰᠢᠮᠳᠠᠭᠤᠯᠬᠤ ᠬᠡᠷᠡᠭᠵᠢᠭᠦᠯᠬᠦ ᠲᠥᠰᠦᠯ︾ ᠪᠠ ︽ᠬᠥᠬᠡᠬᠤᠲᠠ ᠶᠢᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠫᠠᠶᠢᠰᠠ ᠡᠯᠭᠦᠨ ᠳᠠᠶᠢᠯᠠᠯᠳᠤᠭᠠᠨ ᠢ ᠰᠢᠮᠳᠠᠭᠤᠯᠬᠤ ᠲᠥᠰᠦᠯ︾ ᠪᠠ ︽ | ᠬᠥᠬᠡᠬᠤᠲᠠ ᠶᠢᠨ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ | ᠠᠮᠢᠳᠤᠷᠠᠯ ᠢ ᠪᠠᠲᠤᠯᠠᠬᠤ ᠫᠠᠶᠢᠰᠠ ᠡᠯᠭᠦᠨ ᠳᠠᠶᠢᠯᠠᠯᠳᠤᠭᠠᠨᠨ ᠢ ᠰᠢᠮᠳᠠᠭᠤᠯᠬᠤ ᠬᠡᠷᠡᠭᠵᠢᠭᠦᠯᠬᠦ ᠲᠥᠰᠦᠯ︾ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ | ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠠᠮᠢᠳᠤᠷᠠᠯ ᠢ ᠪᠠᠲᠤᠯᠠᠬᠤ ᠠᠵᠢᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ︽ᠦᠴᠤᠸᠠᠨ ᠰᠢᠶᠠᠨ ᠤ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠦᠨᠳᠦᠰᠦᠨ ᠠᠮᠢᠳᠤᠷᠠᠯ ᠢ ᠪᠠᠲᠤᠯᠠᠬᠤ ᠫᠠᠶᠢᠰᠠ ᠡᠯᠭᠦᠨ ᠳᠠᠶᠢᠯᠠᠯᠳᠤᠭᠠᠨ ᠢ ᠰᠢᠮᠳᠠᠭᠤᠯᠬᠤ ᠬᠡᠷᠡᠭᠵᠢᠭᠦᠯᠬᠦ | ᠲᠥᠰᠦᠯ︾ ᠢ ᠲᠣᠭᠲᠠᠭᠠᠪᠠ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ | ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠵᠢᠯᠴᠠᠭ᠎ᠠ ᠳᠣᠤᠷ᠎ᠠ᠂ 3 ᠰᠠᠷ᠎ᠠ ᠶᠢᠨ 26 ᠤ | ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ 12 | ᠳᠤᠭᠤᠶᠢᠯᠠᠩ ᠬᠤᠪᠢᠶᠠᠵᠤ᠂ 5 ᠡᠳᠦᠷ ᠤᠨ ᠴᠠᠭ ᠢ ᠠᠰᠢᠭᠯᠠᠨ᠂ ᠦᠴᠤᠸᠠᠨ ᠰᠢᠶᠠᠨ ᠤ ᠬᠥᠬᠡ ᠡᠷᠭᠢ ᠪᠠᠯᠭᠠᠰᠤ᠂ | ᠳᠠᠯᠠᠨ ᠬᠠᠷ᠎ᠠ ᠰᠢᠶᠠᠩ᠂ ᠬᠠᠷᠠᠭᠤᠯ ᠪᠠᠯᠭᠠᠰᠤ᠂ ᠳᠡᠭᠡᠷ᠎ᠡ ᠲᠣᠬᠤᠢ ᠰᠢᠶᠠᠩ ᠵᠡᠷᠭᠡ 4 ᠰᠢᠶᠠᠩ ᠪᠠᠯᠭᠠᠰᠤ᠂ 40 | ᠲᠣᠰᠬᠤᠨ ᠤ ᠵᠥᠪᠯᠡᠯ᠂ 236 ᠪᠠᠶᠢᠭᠠᠯᠢ ᠶᠢᠨ ᠲᠣᠰᠬᠤᠨ᠂ ᠨᠡᠶᠢᠲᠡ 1484 ᠡᠷᠦᠬᠡ᠂ 2510 ᠬᠥᠮᠦᠨ ᠳᠤ | ᠪᠥᠬᠦ ᠲᠠᠯ᠎ᠠ ᠪᠠᠷ ᠪᠠᠶᠢᠴᠠᠭᠠᠨ ᠵᠢᠭᠰᠠᠭᠠᠬᠤ ᠠᠵᠢᠯᠯᠠᠭ᠎ᠠ ᠥᠷᠨᠢᠭᠦᠯᠪᠡ᠃ | ᠦᠴᠤᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠫᠠᠶᠢᠰᠠ ᠡᠯᠭᠦᠨ ᠳᠠᠶᠢᠯᠠᠯᠳᠤᠭᠠᠨ ᠢ | ᠰᠢᠮᠳᠠᠭᠤᠯᠬᠤ ᠵᠠᠯᠭᠠᠮᠵᠢ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠪᠢᠳᠠᠨ ᠬᠠᠮᠢᠶᠠᠷᠴᠤ ᠪᠦᠬᠦᠢ ᠳᠡᠳ᠋ | ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠠᠯᠪᠠᠨ | ᠭᠡᠷ ᠤᠨ ᠠᠵᠢᠯᠲᠠᠳ ᠢᠶᠠᠷ ᠳᠤᠭᠤᠶᠢᠯᠠᠩ ᠤᠨ ᠭᠡᠰᠢᠭᠦᠨ ᠪᠣᠯᠭᠠᠭᠰᠠᠨ ᠲᠤᠰᠬᠠᠶ ᠲᠥᠷᠥᠯ ᠤᠨ ᠪᠠᠶᠢᠴᠠᠭᠠᠯᠲᠠ ᠶᠢᠨ | ᠵᠢᠯᠣᠭᠤᠳᠬᠤ ᠳᠤᠭᠤᠶᠢᠯᠠᠩ ᠪᠠᠶᠢᠭᠤᠯᠵᠤ᠂ 4 ᠰᠠᠷ᠎ᠠ ᠶᠢᠨ 8 ᠤ ᠡᠳᠦᠷ ᠠᠴᠠ ᠡᠬᠢᠯᠡᠨ᠂ ᠮᠠᠨ ᠤ ᠰᠢᠶᠠᠨ ᠤ | ᠬᠡᠪᠴᠢᠶᠡᠨ ᠤ ᠪᠠᠷᠠᠭᠤᠨ ᠤᠯᠠᠭᠠᠨ ᠪᠤᠯᠠᠭ ᠪᠠᠯᠭᠠᠰᠤ᠂ ᠬᠠᠷ᠎ᠠ ᠬᠤᠰᠢᠭᠤ ᠰᠢᠶᠠᠩ᠂ ᠡᠯ ᠹᠧᠨ ᠽᠢ ᠰᠢᠶᠠᠩ᠂ ᠳ᠋ᠧ | ᠱᠧᠩ ᠭᠸᠦ ᠰᠢᠶᠠᠩ᠂ ᠬᠤᠭᠤᠯᠠᠢ ᠠᠭᠤᠯᠠ ᠰᠢᠶᠠᠩ ᠵᠡᠷᠭᠡ 5 ᠰᠢᠶᠠᠩ ᠤᠨ1871 ᠡᠷᠦᠬᠡ 3139 ᠬᠥᠮᠦᠨ ᠢ | ᠲᠤᠰ ᠲᠤᠰ ᠪᠠᠶᠢᠴᠠᠭᠠᠵᠤ᠂ ᠡᠯ᠎ᠡ ᠰᠢᠶᠠᠩ ᠪᠠᠯᠭᠠᠰᠤ ᠳᠤ ᠪᠠᠶᠢᠴᠠᠭᠠᠨ ᠰᠤᠳᠤᠯᠤᠯᠲᠠ ᠬᠢᠵᠤ᠂ ᠡᠳᠦᠷ ᠪᠦᠷᠢ ᠶᠢᠨ | ᠦᠳᠡ ᠶᠢᠨ ᠡᠮᠦᠨ᠎ᠡ ᠡᠯ᠎ᠡ ᠰᠢᠶᠠᠩ᠂ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠡᠯ᠎ᠡ | ᠲᠣᠰᠬᠤᠨ ᠤ ᠠᠷᠠᠳ ᠤᠨ ᠵᠥᠪᠯᠡᠯ ᠤᠨ ᠠᠷᠠᠳ ᠤᠨ ᠶᠠᠪᠤᠳᠠᠯ ᠤᠨ ᠬᠠᠪᠰᠤᠷᠤᠭᠴᠢ ᠳᠤ ᠠᠵᠢᠯ ᠥᠷᠨᠢᠭᠦᠯᠬᠦ | ᠳᠠᠶᠢᠴᠢᠯᠠᠯᠲᠠ ᠵᠢᠴᠢ ᠪᠠᠶᠢᠷᠢᠯᠠᠭᠤᠯᠤᠯᠲᠠ ᠶᠢᠨ ᠬᠤᠷᠠᠯ ᠢ ᠬᠢᠵᠤ᠂ ᠡᠯ᠎ᠡ ᠲᠣᠰᠬᠤᠨ ᠤ ᠠᠷᠠᠳ ᠤᠨ ᠵᠥᠪᠯᠡᠯ ᠳᠤ | ᠲᠤᠰ ᠤᠳᠠᠭᠠᠨ ᠤ ᠪᠠᠶᠢᠴᠠᠭᠠᠨ ᠵᠢᠭᠰᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠠᠭᠯᠠᠨ | ᠪᠢᠴᠢᠬᠦ ᠠᠭᠤᠯᠭ᠎ᠠ ᠶᠢᠨ ᠦᠨᠡᠨ ᠪᠣᠳᠠᠲᠤ ᠴᠢᠨᠠᠷ ᠪᠣᠯᠤᠨ ᠣᠨᠣᠪᠴᠢᠲᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ | ᠭᠡᠵᠦ ᠲᠣᠳᠣᠷᠬᠠᠶ ᠰᠠᠨᠠᠭᠤᠯᠪᠠ᠃ ᠡᠭᠦᠨ ᠤ ᠬᠠᠮᠲᠤ ᠡᠯ᠎ᠡ ᠠᠷᠠᠳ ᠤᠨ ᠶᠠᠪᠤᠳᠠᠯ ᠤᠨ ᠲᠤᠰᠠᠯᠠᠭᠴᠢ ᠳᠤ ︽ | ᠡᠷᠦᠬᠡ ᠳᠤ ᠬᠦᠷᠴᠦ ᠪᠠᠶᠢᠴᠠᠭᠠᠯᠲᠠ ᠬᠢᠬᠦ ᠬᠦᠰᠦᠨᠦᠭᠲᠦ︾ ᠶᠢ ᠲᠠᠭᠯᠠᠨ ᠪᠢᠴᠢᠬᠦ ᠠᠷᠭ᠎ᠠ ᠮᠠᠶ᠋ᠢᠭ ᠵᠢᠴᠢ ᠢᠵᠢ | ᠪᠦᠷᠢᠳᠦᠭᠦᠯᠬᠦ ᠭᠡᠷᠡᠯ ᠵᠢᠷᠤᠭ ᠢ ᠰᠡᠭᠦᠳᠡᠷᠯᠡᠨ ᠠᠪᠬᠤ ᠠᠷᠭ᠎ᠠ ᠮᠠᠶ᠋ᠢᠭ ᠢ ᠵᠢᠭᠠᠵᠤ᠂ ᠬᠤᠷᠠᠯ ᠳᠠᠭᠤᠰᠤᠭᠰᠠᠨ ᠤ | ᠳᠠᠷᠠᠭ᠎ᠠ ᠮᠠᠨ ᠤ ᠲᠣᠪᠴᠢᠶ᠎ᠠ ᠶᠢᠨ ᠠᠵᠢᠯᠲᠠᠳ ᠳᠤᠭᠤᠶᠢᠯᠠᠩ ᠬᠤᠪᠢᠶᠠᠨ ᠡᠯ᠎ᠡ ᠲᠤᠰᠬᠤᠨ ᠤ ᠠᠷᠠᠳ ᠤᠨ | ᠵᠥᠪᠯᠡᠯ ᠳᠤ ᠬᠦᠷᠴᠦ ᠵᠢᠯᠣᠭᠤᠳᠤᠨ ᠡᠷᠦᠬᠡ ᠳᠤ ᠣᠷᠣᠭᠤᠯᠵᠤ᠂ ᠲᠤᠬᠠᠢ ᠶᠢᠨ ᠭᠠᠵᠠᠷ ᠲᠤᠨᠢ ᠡᠯ᠎ᠡ ᠲᠤᠰᠬᠤᠨ ᠤ | ᠠᠷᠠᠳ ᠤᠨ ᠵᠥᠪᠯᠡᠯ ᠤᠨ ᠠᠷᠠᠳ ᠤᠨ ᠶᠠᠪᠤᠳᠠᠯ ᠤᠨ ᠲᠤᠰᠠᠯᠠᠭᠴᠢ ᠳᠤ ᠲᠤᠰ ᠠᠵᠢᠯ ᠢ ᠬᠡᠷᠬᠢᠨ ᠥᠷᠨᠢᠭᠦᠯᠬᠦ᠂ | ᠡᠷᠦᠬᠡ ᠳᠤ ᠣᠷᠣᠬᠤ ᠮᠠᠲ᠋ᠧᠷᠢᠶᠠᠯ ᠢ ᠬᠡᠷᠬᠢᠨ ᠲᠠᠭᠯᠠᠨ ᠪᠢᠴᠢᠬᠦ ᠵᠢᠴᠢ ᠡᠷᠦᠬᠡ ᠳᠤ ᠣᠷᠣᠵᠤ ᠪᠠᠶᠢᠴᠠᠭᠠᠯᠲᠠ ᠬᠢᠬᠦ | ᠳᠤᠮᠳᠠ ᠭᠠᠷᠴᠤ ᠮᠡᠳᠡᠬᠦ ᠠᠰᠠᠭᠤᠳᠠᠯ ᠢ ᠵᠢᠭᠠᠨ ᠵᠢᠯᠣᠭᠤᠳᠪᠠ᠃ | ᠲᠣᠰ ᠤᠳᠠᠭᠠᠨ ᠤ ᠳᠠᠶᠢᠯᠠᠯᠳᠤᠭᠠᠨ ᠢ ᠰᠢᠮᠳᠠᠭᠤᠯᠬᠤ ᠠᠵᠢᠯᠯᠠᠭ᠎ᠠ ᠨᠢ ᠭᠤᠤᠯᠳᠠᠭᠤ ᠪᠥᠬᠦ ᠰᠢᠶᠠᠨ ᠤ ᠨᠢᠭᠡᠨᠲᠡ | ᠶᠠᠳᠠᠭᠤ ᠠᠴᠠ ᠠᠩᠭᠢᠵᠢᠷᠠᠭᠰᠠᠨ ᠪᠣᠯᠪᠠᠴᠤ ᠮᠥᠨ ᠯᠡ ᠲᠥᠷᠥ ᠶᠢᠨ ᠪᠣᠳᠣᠯᠭ᠎ᠠ ᠶᠢ ᠬᠦᠷᠲᠡᠵᠤ ᠪᠠᠶᠢᠭ᠎ᠠ ᠳᠠᠩᠰᠠᠯᠠᠨ | ᠺᠠᠷᠲᠯᠠᠭᠰᠠᠨ ᠶᠠᠳᠠᠭᠤ ᠬᠦᠴᠢᠷᠳᠡᠯᠲᠠᠢ ᠡᠷᠦᠬᠡ ᠳᠤ ᠪᠥᠬᠦ ᠲᠠᠯ᠎ᠠ ᠪᠠᠷ ᠪᠠᠶᠢᠴᠠᠭᠠᠨ ᠵᠢᠭᠰᠠᠭᠠᠯᠲᠠ ᠬᠢᠭᠰᠡᠨ ᠤ ᠬᠠᠮᠲᠤ᠂ | ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠭᠰᠡᠨ ᠥᠬᠡᠶ ᠳᠠᠩᠰᠠᠯᠠᠨ ᠺᠠᠷᠲᠯᠠᠭᠰᠠᠨ ᠶᠠᠳᠠᠭᠤ | ᠬᠦᠴᠢᠷᠳᠡᠯᠲᠠᠢ ᠡᠷᠦᠬᠡ᠂ ᠵᠠᠬ᠎ᠠ ᠬᠢᠵᠠᠭᠠᠷ ᠡᠷᠦᠬᠡ᠂ ᠪᠤᠰᠤᠳ ᠶᠠᠳᠠᠭᠤ ᠬᠦᠴᠢᠷᠳᠡᠯᠲᠠᠢ ᠣᠷᠣᠯᠭ᠎ᠠ ᠪᠠᠭᠠᠲᠠᠶ ᠬᠡᠷ | ᠪᠦᠯᠢ ᠶᠢ ᠴᠦ ᠬᠠᠮᠲᠤ ᠳᠤᠨᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ 4 ᠰᠠᠷ᠎ᠠ ᠶᠢᠨ 24 ᠤ ᠡᠳᠦᠷ ᠪᠣᠯᠲᠠᠯ᠎ᠠ᠂ | ᠡᠯ᠎ᠡ ᠰᠢᠶᠠᠩ ᠪᠠᠯᠭᠠᠰᠤ ᠶᠢᠨ ᠪᠠᠶᠢᠴᠠᠭᠠᠨ ᠵᠢᠭᠰᠠᠭᠠᠬᠤ ᠠᠵᠢᠯ ᠴᠥᠮ ᠲᠡᠭᠦᠰ ᠠᠮᠵᠢᠯᠲᠠ ᠲᠠᠢ ᠳᠠᠭᠤᠰᠴᠠᠶ᠃ |