ᠬᠤᠲᠠ ᠶᠢᠨ ᠨᠠᠮ ᠵᠠᠰᠠᠭ ᠴᠡᠷᠢᠭ ᠤᠨ ᠤᠳᠤᠷᠢᠳᠬᠤ ᠨᠥᠬᠦᠳ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2020-04-27
       ︵ᠰᠤᠷᠪᠤᠯᠵᠢᠯᠠᠭᠴᠢ ᠹᠧᠩ ᠶᠠᠨ ᠫᠢᠩ︶ 4 ᠳ᠋ᠦ᠋ᠭᠡᠷ ᠰᠠᠷ᠎ᠠ ᠶᠢᠨ 26 ᠤ ᠡᠳᠦᠷ᠂ ᠸᠠᠩ ᠯᠢ ᠰᠢᠶᠠ᠂ ᠵᠠᠩ ᠪᠠᠢ ᠴᠧᠩ᠂ ᠶᠦᠨ ᠵᠢᠶᠠᠨ ᠳ᠋ᠦᠩ᠂ ᠰᠦᠨ ᠵᠢᠶᠠᠨ ᠬᠤᠸᠠ᠂ ᠭᠠᠩ ᠪᠦᠬᠡ᠂ ᠵᠠᠩ ᠶᠢᠨ ᠫᠢᠩ᠂  ᠯᠢᠦ ᠸᠧᠨ ᠢᠥᠢ ᠂ ᠴᠠᠩ ᠫᠧᠢ ᠵᠦᠩ᠂ ᠶᠦᠨ ᠬᠠᠢ᠂ ᠪᠠᠢ ᠶᠦᠩ ᠫᠢᠩ᠂ ᠬᠤᠸᠠᠩ ᠵᠢᠢ ᠭᠠᠩ᠂ ᠰᠦᠨ ᠪᠢᠩ ᠸᠧᠨ᠂ ᠦ᠋ ᠸᠧᠨ ᠮᠢᠩ ᠵᠡᠷᠭᠡ ᠮᠠᠨ ᠤ ᠬᠤᠲᠠ ᠶᠢᠨ ᠨᠠᠮ ᠵᠠᠰᠠᠭ ᠴᠡᠷᠢᠭ ᠤᠨ ᠤᠳᠤᠷᠢᠳᠬᠤ ᠨᠥᠬᠦᠳ ᠬᠠᠮᠲᠤ ᠪᠠᠷ ᠲᠡᠷᠭᠡᠨ ᠳᠤ ᠰᠠᠭᠤᠵᠤ᠂ ᠦᠴᠦᠸᠠᠨ ᠰᠢᠶᠠᠨ ᠤ ᠬᠤᠲᠠ ᠶᠢᠨ ᠨᠠᠮ ᠵᠠᠰᠠᠭ ᠴᠡᠷᠢᠭ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠬᠦᠷᠴᠦ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠵᠢᠴᠢ ᠦᠴᠦᠸᠠᠨ ᠰᠢᠶᠠᠨ ᠤ ᠺᠠᠳ᠋ᠷ ᠣᠯᠠᠨ ᠲᠦᠮᠡᠨ ᠲᠠᠢ ᠬᠠᠮᠲᠤ 1300 ᠭᠠᠷᠤᠢ ᠬᠥᠮᠥᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃      ᠬᠤᠷ᠎ᠠ ᠤᠰᠤ ᠶᠢᠨ ᠳᠠᠷᠠᠭᠠᠬᠢ ᠦᠴᠦᠸᠠᠨ ᠰᠢᠶᠠᠨ ᠤ ᠬᠥᠳᠡᠭᠡ ᠲᠠᠯ᠎ᠠ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠳᠠᠯᠠᠨ ᠬᠠᠷ᠎ᠠ ᠠᠭᠤᠯᠠ ᠰᠢᠶᠠᠩ  ᠤᠨ  ᠰᠧ ᠾᠧ ᠢ ᠲᠣᠰᠬᠤᠨ ᠳᠤ ᠪᠠᠶᠢᠷᠢᠯᠠᠭ᠎ᠠ ᠬᠤᠲᠠ ᠶᠢᠨ ᠨᠠᠮ ᠵᠠᠰᠠᠭ ᠴᠡᠷᠢᠭ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠬᠥᠮᠥᠨ ᠢᠶᠠᠷ ᠪᠤᠴᠠᠯᠤᠨ᠎ᠠ᠃ ᠸᠠᠩ ᠯᠢ ᠰᠢᠶᠠ ᠬᠦᠷᠵᠡ ᠭᠢᠰᠬᠢᠨ ᠰᠢᠷᠣᠢ ᠨᠡᠮᠡᠵᠦ᠂ ︽ᠭᠤᠷᠪᠠ ᠪᠤᠯᠠᠵᠤ ᠬᠤᠶᠠᠷ ᠭᠢᠰᠬᠢᠨ ᠨᠢᠭᠡ ᠡᠷᠭᠦᠬᠦ︾ ᠲᠤᠰᠬᠠᠢ ᠵᠢᠯᠤᠭᠤᠳᠤᠮᠵᠢ ᠪᠠᠷ ᠮᠣᠳᠣ ᠲᠠᠷᠢᠵᠤ᠂ ᠰᠢᠷᠣᠢ ᠪᠠᠷ ᠬᠦᠷᠢᠶᠡᠯᠡᠨ᠂ ᠤᠰᠤᠯᠠᠵᠤ᠂ ᠵᠠᠯᠭᠠᠭ᠎ᠠ ᠪᠠᠷ ᠭᠠᠴᠤᠷ᠎ᠠ᠂ ᠨᠠᠷᠠᠰᠤ᠂ ᠢᠩᠲᠣᠣᠷ᠂ ᠴᠠᠷᠠᠰᠤ ᠵᠡᠷᠭᠡ ᠶᠢ ᠲᠠᠷᠢᠪᠠ᠃ ᠵᠥᠭᠡᠯᠡᠨ ᠦᠯᠢᠶᠡᠬᠦ ᠠᠭᠤᠯᠠᠨ ᠰᠠᠯᠬᠢᠨ᠎ᠠ ᠴᠢᠬᠢ ᠮᠣᠳᠣᠳ ᠰᠡᠬᠦᠶᠢᠵᠦ ᠂ ᠣᠯᠠᠨ ᠢᠶᠠᠷ ᠢᠶᠠᠨ ᠲᠥᠪ ᠬᠤᠲᠠ ᠶᠢᠨ ᠠᠮᠢ ᠠᠬᠤᠢ ᠳᠤ ᠪᠠᠰᠠ ᠨᠢᠭᠡᠨ ᠬᠡᠰᠡᠭ ᠨᠣᠭᠤᠭᠠᠨ ᠥᠩᠭᠡ ᠨᠡᠮᠡᠪᠡ᠃      ᠮᠣᠳᠣ ᠲᠠᠷᠢᠬᠤ ᠵᠠᠭᠤᠷ᠎ᠠ᠂ ᠸᠠᠩ ᠯᠢ ᠰᠢᠶᠠ ᠦᠴᠦᠸᠠᠨ ᠰᠢᠶᠠᠨ ᠤ ︽ᠳᠠᠯᠠᠨ ᠬᠠᠷ᠎ᠠ ᠪᠠᠨ ᠨᠣᠭᠤᠭᠠᠷᠠᠭᠤᠯᠵᠤ᠂ ᠤᠮᠠᠷᠠᠲᠤ ᠬᠢᠯᠢ ᠪᠠᠨ ᠰᠠᠬᠢᠨ ᠬᠠᠮᠠᠭᠠᠯᠠᠬᠤ︾ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠣᠨᠣᠰᠴᠤ᠂ ᠮᠠᠨ ᠤ ᠬᠤᠲᠠ ᠶᠢᠨ ᠤᠯᠤᠰ ᠤᠨ ᠨᠤᠲᠤᠭ ᠪᠡᠯᠴᠢᠭᠡᠷ ᠢ ᠨᠣᠭᠤᠭᠠᠷᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠰᠠᠨᠠᠯ ᠢᠶᠠᠨ ᠰᠣᠯᠢᠯᠴᠠᠨ᠂ ᠮᠣᠳᠣᠨ ᠤ ᠲᠥᠷᠥᠯ ᠵᠦᠢᠯ᠂ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠨᠠᠷᠢᠨ ᠠᠰᠠᠭᠤᠵᠤ ᠰᠤᠷᠠᠪᠠ᠃      ᠸᠠᠩ ᠯᠢ ᠰᠢᠶᠠ ᠬᠡᠯᠡᠬᠦ ᠳᠡᠭᠡᠨ᠂ ᠬᠤᠲᠠ ᠶᠢᠨ ᠰᠠᠶᠢᠬᠠᠨ ᠨᠢ ᠬᠥᠬᠡ ᠠᠭᠤᠯᠠ ᠬᠥᠬᠡᠮᠳᠦᠭ ᠤᠰᠤᠨ ᠳᠠᠭᠠᠨ ᠪᠠᠶᠢᠵᠤ᠂ ᠬᠥᠬᠡ ᠠᠭᠤᠯᠠ ᠶᠢᠨ ᠰᠠᠶᠢᠬᠠᠨ ᠨᠢ ᠬᠦᠴᠦ ᠬᠥᠯᠥᠰᠦᠨ ᠳᠤ ᠪᠠᠶᠢᠳᠠᠭ᠃ ᠮᠣᠳᠣ  ᠲᠠᠷᠢᠵᠤ ᠣᠶᠢᠵᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠨᠢᠭᠡᠨ ᠤᠷᠲᠤ ᠬᠤᠭᠤᠴᠠᠭᠠᠨ ᠤ ᠪᠥᠭᠡᠳ ᠬᠠᠲᠠᠭᠤ ᠪᠡᠷᠬᠡ ᠡᠭᠦᠷᠭᠡ ᠮᠥᠨ᠂ ᠡᠯ᠎ᠡ ᠱᠠᠲᠤ ᠡᠯ᠎ᠡ ᠰᠠᠯᠭ᠎ᠠ ᠮᠥᠴᠢᠷ ᠤᠨ ᠬᠢᠨ ᠡᠷᠬᠡᠪᠰᠢ ︽ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ︾ ᠪᠠᠷ ᠵᠢᠯᠣᠭᠤᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠂ ᠬᠥᠮᠥᠨ ᠢᠶᠠᠷ ᠦᠨᠳᠦᠰᠦ ᠪᠣᠯᠭᠠᠵᠤ᠂ ᠭᠠᠵᠠᠷ ᠣᠷᠣᠨ ᠳᠤᠨᠢ ᠲᠣᠬᠢᠷᠠᠭᠤᠯᠤᠨ᠂ ᠪᠦᠬᠦ ᠠᠷᠠᠳ ᠢᠶᠠᠷ ᠢᠶᠠᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ ᠬᠥᠬᠡᠬᠤᠲᠠ ᠶᠢᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠦᠴᠦ ᠵᠢᠭᠡᠯᠡᠨ ᠬᠦᠴᠦ ᠭᠠᠷᠭᠠᠵᠤ᠂ ᠰᠠᠶᠢᠨ ᠠᠷᠭ᠎ᠠ ᠲᠤᠷᠰᠢᠯᠭ᠎ᠠ ᠶᠢ ᠲᠣᠯᠢᠯᠠᠨ ᠰᠤᠷᠤᠯᠴᠠᠵᠤ᠂ ᠶᠠᠳᠠᠭᠤ ᠶᠢ ᠲᠡᠳᠬᠦᠬᠦ ᠣᠢ ᠵᠢᠮᠢᠰ ᠲᠠᠷᠢᠬᠤ ᠵᠡᠷᠭᠡ ᠠᠵᠤ ᠦᠢᠯᠡᠰ ᠤᠨ ᠬᠥᠭᠵᠢᠯᠲᠡ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠢ ᠰᠠᠶᠢᠬᠠᠨ ᠤᠶᠠᠯᠳᠤᠭᠤᠯᠤᠨ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠵᠢᠱᠢᠶᠡᠴᠢ ᠶᠢᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠨᠣᠭᠤᠭᠠᠷᠠᠭᠤᠯᠬᠤ ᠠᠵᠢᠯᠯᠠᠭ᠎ᠠ ᠪᠠᠷ ᠬᠤᠲᠠ ᠬᠥᠳᠡᠭᠡ ᠶᠢᠨ ᠬᠦᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃      ᠸᠠᠩ ᠯᠢ ᠰᠢᠶᠠ  ᠴᠢᠬᠤᠯᠠᠴᠢᠯᠠᠭᠰᠠᠨ ᠨᠢ᠂ ᠤᠬᠠᠭᠤᠯᠭ᠎ᠠ ᠶᠢᠨ ᠬᠦᠴᠦᠨ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠨᠣᠭᠤᠭᠠᠷᠠᠭᠤᠯᠬᠤ᠂ ᠨᠣᠭᠤᠭᠠᠷᠠᠭᠤᠯᠤᠯᠲᠠ ᠶᠢ  ᠬᠠᠮᠠᠭᠠᠯᠠᠬᠤ᠂ ᠨᠣᠭᠤᠭᠠᠷᠠᠭᠤᠯᠤᠯᠲᠠ ᠶᠢ   ᠬᠠᠶᠢᠷᠠᠯᠠᠬᠤ ᠪᠣᠯᠪᠠᠰᠤᠨ ᠰᠢᠨ᠎ᠡ   ᠬᠡᠪ ᠰᠤᠷᠳᠠᠯ ᠢ ᠶᠡᠬᠡᠪᠡᠷ ᠪᠠᠳᠠᠷᠠᠭᠤᠯᠤᠨ᠂ ᠵᠢᠱᠢᠶᠡᠯᠡᠪᠡᠯ᠂ ᠰᠤᠷᠭᠠᠭᠤᠯᠢ ᠡᠬᠢᠯᠡᠬᠦ ᠳᠤ ᠨᠢᠭᠡ ᠰᠠᠭᠤᠷᠢ ᠮᠣᠳᠣ ᠲᠠᠷᠢᠬᠤ᠂ ᠰᠤᠷᠭᠠᠭᠤᠯᠢ ᠲᠡᠭᠦᠰᠬᠦ ᠳᠤ ᠨᠢᠭᠡ ᠰᠠᠭᠤᠷᠢ ᠮᠣᠳᠣ ᠲᠠᠷᠢᠬᠤ᠂ ᠪᠠᠶᠠᠷ ᠳᠤᠷᠠᠰᠬᠠᠯ ᠤᠨ ᠡᠳᠦᠷ ᠨᠢᠭᠡ ᠰᠠᠭᠤᠷᠢ ᠮᠣᠳᠣ ᠲᠠᠷᠢᠬᠤ ᠵᠡᠷᠭᠡ ᠣᠯᠠᠨ ᠶᠠᠩᠵᠤ ᠶᠢᠨ ᠠᠷᠭ᠎ᠠ ᠬᠡᠯᠪᠡᠷᠢ ᠪᠠᠷ᠂  ᠡᠯ᠎ᠡ ᠵᠦᠢᠯ  ᠤᠨ ᠨᠡᠶᠢᠭᠡᠮ ᠤᠨ ᠬᠦᠴᠦᠨ ᠢ  ᠲᠠᠶᠢᠴᠢᠯᠠᠨ  ᠮᠤᠳᠤ ᠲᠠᠷᠢᠵᠤ ᠤᠶᠢᠵᠢᠭᠤᠯᠬᠤ ᠨᠤᠭᠤᠭᠠᠷᠠᠭᠤᠯᠤᠯᠳᠠ ᠶᠢᠨ ᠠᠵᠢᠯᠯᠠᠭ᠎ᠠ ᠳᠤ  ᠢᠳᠡᠪᠬᠢᠳᠡᠢ ᠤᠷᠤᠯᠴᠠᠭᠤᠯᠤᠨ᠂ ᠬᠥᠮᠥᠨ ᠪᠦᠬᠦᠨ ᠮᠣᠳᠣ  ᠲᠠᠷᠢᠵᠤ  ᠨᠤᠭᠤᠭᠠᠷᠠᠭᠤᠯᠬᠤ ᠶᠢ  ᠴᠢᠬᠤᠯᠠᠴᠢᠯᠠᠨ ᠣᠷᠣᠯᠴᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠨ᠂ ᠬᠡᠪᠰᠢᠭᠰᠡᠨ ᠮᠣᠳᠣ ᠲᠠᠷᠢᠬᠤ  ᠬᠡᠪ ᠰᠤᠷᠳᠠᠯ ᠢ ᠪᠦᠬᠦ ᠨᠡᠶᠢᠭᠡᠮ ᠳᠤ ᠰᠠᠨᠠᠭᠠᠴᠢᠯᠠᠨ᠂ ᠤᠯᠤᠰ ᠤᠨ ᠨᠤᠲᠤᠭ ᠪᠡᠯᠴᠢᠭᠡᠷ ᠢ ᠲᠠᠰᠤᠷᠠᠯᠲᠠ ᠦᠭᠡᠢ ᠨᠣᠭᠤᠭᠠᠷᠠᠭᠤᠯᠤᠨ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠲᠠᠯ᠎ᠠ ᠨᠤᠲᠤᠭ ᠤᠨ ᠲᠥᠪ ᠬᠤᠲᠠ ᠶᠢ ᠬᠠᠮᠳᠤ ᠪᠠᠷ ᠴᠣᠭᠴᠠᠯᠠᠨ ᠪᠠᠶᠢᠭᠤᠯᠵᠤ᠂ ᠠᠷᠠᠳ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠡᠢ᠃     ᠣᠶᠢᠯᠠᠭᠠᠭᠰᠠᠨ ᠢᠶᠠᠷ ᠣᠳᠣᠬᠠᠨ ᠳᠤ᠂ ᠮᠠᠨ ᠤ ᠬᠤᠲᠠ ᠶᠢᠨ ᠣᠢ ᠰᠢᠭᠤᠢ ᠶᠢᠨ ᠲᠠᠯᠠᠪᠠᠢ 589.73 ᠲᠦᠮᠡᠨ ᠮᠤ᠋ ᠪᠠᠶᠢᠵᠤ᠂ ᠣᠢ ᠰᠢᠭᠤᠢ ᠶᠢᠨ ᠪᠦᠷᠬᠦᠴᠡ 22.84% ᠬᠦᠷᠴᠦ᠂ 2010 ᠣᠨ ᠳᠤ ︽ᠤᠯᠤᠰ ᠤᠨ ᠣᠢ ᠰᠢᠭᠤᠢ ᠶᠢᠨ ᠬᠤᠲᠠ︾ ᠶᠢᠨ  ᠴᠣᠯᠠ ᠬᠦᠷᠲᠡᠵᠡᠢ᠃ ᠡᠨᠡ ᠵᠢᠯ᠂ ᠪᠦᠬᠦ ᠬᠤᠲᠠ ᠳᠤ ᠦᠷᠭᠦᠯᠵᠢᠯᠡᠨ 41.2 ᠲᠦᠮᠡᠨ ᠮᠤ᠋ ᠶᠢᠨ ᠣᠢ ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠶᠢ ᠴᠢᠩᠭᠠᠳᠬᠠᠨ᠂ ᠠᠯᠪᠠᠨ ᠵᠢᠷᠤᠮ ᠤᠨ ᠮᠣᠳᠣ ᠲᠠᠷᠢᠬᠤ ᠵᠡᠷᠭᠡ ᠠᠵᠢᠯᠯᠠᠭ᠎ᠠ ᠶᠢ ᠥᠷᠨᠢᠭᠦᠯᠦᠨ᠂ 2020 ᠣᠨ ᠤ ᠰᠡᠭᠦᠯᠴᠢ ᠪᠣᠯᠬᠤ ᠳᠤ ᠪᠦᠬᠦ ᠬᠤᠲᠠ ᠶᠢᠨ ᠣᠢ ᠰᠢᠭᠤᠢ ᠶᠢᠨ ᠪᠦᠷᠬᠦᠴᠡ ᠶᠢ 23 ᠵᠠᠭᠤᠨ ᠤ ᠴᠡᠭ ᠬᠦᠷᠭᠡᠨ᠎ᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号