ᠸᠠᠩ ᠯᠢ ᠰᠢᠶᠠ ᠡᠷᠬᠢᠯᠡᠵᠦ ᠵᠠᠩ ᠪᠠᠢ ᠴᠧᠩ ᠾᠧ ᠬᠠᠢ ᠳ᠋ᠦᠩ ᠣᠷᠣᠯᠴᠠᠪᠠ | ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 4 ᠳ᠋ᠦ᠋ᠭᠡᠷ ᠰᠠᠷ᠎ᠠ ᠶᠢᠨ 26 ᠤ ᠦᠳᠡ ᠶᠢᠨ ᠬᠤᠶᠢᠨ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠸᠠᠩ ᠯᠢ ᠰᠢᠶᠠ ᠬᠤᠲᠠ ᠶᠢᠨ ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠬᠦ ᠤᠳᠤᠷᠢᠳᠬᠤ | ᠳᠤᠭᠤᠶᠢᠯᠠᠩ ᠤᠨ 2020 ᠣᠨ ᠤ 5 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠥᠪᠡᠷᠲᠡᠭᠡᠨ ᠵᠠᠰᠠᠬᠤ ᠣᠷᠣᠨ ᠤ ︽ᠣᠳᠣᠬᠠᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠠᠵᠢᠯ ᠢᠶᠠᠨ | ᠡᠬᠢᠯᠡᠭᠦᠯᠦᠭᠰᠡᠨ ᠪᠠ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠶᠢᠨ ᠪᠠᠶᠢᠳᠠᠯ ᠤᠨ ᠲᠤᠬᠠᠢ ᠮᠡᠳᠡᠭᠡᠯᠡᠯ︾ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠦᠮᠡᠳ ᠵᠡᠭᠦᠨ ᠬᠤᠰᠢᠭᠤ᠂ ᠴᠢᠩ ᠱᠦᠢ ᠾᠧ ᠰᠢᠶᠠᠨ᠂ | ᠦᠴᠦᠸᠠᠨ ᠰᠢᠶᠠᠨ ᠤ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠵᠢᠴᠢ ᠪᠡᠯᠡ ᠮᠥᠩᠭᠦ ᠶᠢᠨ | ᠵᠠᠷᠤᠯᠭ᠎ᠠ ᠶᠢᠨ ᠪᠠᠶᠢᠳᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ | ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠢᠳᠪᠦᠷᠢᠲᠦ ᠢᠯᠠᠯᠲᠠ ᠶᠢ ᠣᠯᠬᠤ ᠰᠡᠭᠦᠯ ᠬᠤᠷᠢᠶᠠᠬᠤ ᠵᠢᠯ ᠪᠣᠯᠣᠨ᠎ᠠ᠂ ᠶᠠᠳᠠᠭᠤ ᠶᠢ ᠲᠡᠳᠬᠦᠬᠦ ᠲᠥᠷᠥᠯ ᠵᠦᠢᠯ | ᠪᠣᠯᠣᠨ ᠪᠡᠯᠡ ᠮᠥᠩᠭᠦ ᠶᠢᠨ ᠵᠠᠷᠤᠯᠭ᠎ᠠ ᠶᠢᠨ ᠬᠤᠯᠪᠤᠭᠳᠠᠯ ᠪᠦᠬᠦᠢ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ | ᠠᠴᠢ ᠬᠤᠯᠪᠣᠭᠳᠠᠯ ᠲᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ | ᠤᠳᠤᠷᠢᠳᠤᠮᠵᠢ ᠪᠣᠯᠭᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠲᠤᠯᠭᠠᠷᠠᠭᠰᠠᠨ ᠠᠰᠠᠭᠤᠳᠠᠯ ᠳᠤ ᠵᠥᠪ | ᠬᠠᠨᠳᠤᠨ ᠭᠦᠨᠵᠡᠭᠡᠢ ᠪᠣᠳᠤᠯᠬᠢᠯᠠᠵᠤ᠂ ᠠᠰᠠᠭᠤᠳᠠᠯ ᠳᠤ ᠬᠠᠨᠳᠤᠭᠤᠯᠤᠨ ᠨᠢᠭᠡᠳ ᠨᠢᠭᠡ ᠪᠠᠷ ᠪᠠᠶᠢᠴᠠᠭᠠᠨ ᠰᠢᠭᠰᠢᠵᠦ | ᠂ ᠳᠡᠭᠡᠷ᠎ᠡ ᠳᠣᠣᠷᠠᠬᠢ ᠶᠢ ᠵᠣᠯᠭᠠᠯᠴᠠᠭᠤᠯᠤᠨ ᠬᠤᠭᠤᠴᠠᠭ᠎ᠠ ᠲᠣᠭᠲᠠᠭᠠᠨ ᠰᠢᠮᠳᠠᠭᠤᠯᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠪᠠᠷ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠦᠨᠡᠨ ᠬᠦ ᠪᠠᠲᠤᠳᠬᠠᠬᠤ ᠬᠡᠷᠡᠭᠲᠡᠢ | ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠶᠣᠨ | ᠤᠬᠠᠭᠠᠨ ᠬᠦᠴᠦᠨ ᠴᠢᠳᠠᠯ ᠢᠶᠠᠨ ᠲᠥᠷᠥᠯ ᠵᠦᠢᠯ ᠢ ᠠᠳᠬᠤᠬᠤ᠂ ᠲᠥᠷᠥᠯ ᠵᠦᠢᠯ ᠤᠨ ᠠᠵᠢᠯ ᠢᠶᠠᠨ ᠡᠬᠢᠯᠡᠭᠦᠯᠬᠦ | ᠳᠡᠭᠡᠷ᠎ᠡ ᠲᠥᠪᠯᠡᠷᠡᠭᠦᠯᠵᠦ᠂ ᠨᠠᠷᠢᠨ ᠨᠢᠮᠪᠠᠢ ᠪᠠᠶᠢᠷᠢᠯᠠᠭᠤᠯᠤᠨ ᠲᠣᠬᠢᠷᠠᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ | ᠠᠳᠬᠤᠨ᠂ ᠱᠠᠯᠠᠪᠳᠠᠨ ᠬᠢᠵᠦ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ᠂ ᠲᠥᠷᠥᠯ ᠵᠦᠢᠯ ᠤᠨ | ᠬᠥᠮᠥᠷᠭᠡ ᠶᠢᠨ ᠪᠦᠲᠦᠭᠡᠨ ᠪᠠᠶᠢᠭᠤᠯᠤᠯᠲᠠ ᠪᠠ ᠰᠢᠮᠳᠠᠭᠤᠯᠤᠨ ᠵᠢᠯᠣᠭᠤᠳᠬᠤ ᠪᠠᠲᠤᠯᠠᠭ᠎ᠠ ᠶᠢᠨ ᠠᠵᠢᠯ ᠢ ᠦᠨᠡᠨ ᠬᠦ | ᠰᠠᠶᠢᠲᠤᠷ ᠬᠢᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠠᠯᠢ ᠲᠦᠷᠭᠡᠨ ᠢᠶᠠᠷ ᠠᠵᠢᠯ ᠢᠶᠠᠨ ᠡᠬᠢᠯᠡᠭᠦᠯᠦᠨ | ᠨᠠᠶᠢᠳᠠᠪᠤᠷᠢᠵᠢᠭᠳᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠶᠠᠳᠠᠭᠤ ᠶᠢ ᠲᠡᠳᠬᠦᠬᠦ ᠲᠥᠷᠥᠯ | ᠵᠦᠢᠯ ᠪᠠ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ | ᠵᠦᠢᠯ ᠤᠨ ᠬᠠᠮᠢᠶᠠᠷᠤᠯᠲᠠ᠂ ᠪᠡᠯᠡ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠂ | ᠶᠠᠳᠠᠭᠤ ᠶᠢ ᠲᠡᠳᠬᠦᠬᠦ ᠪᠡᠯᠡ ᠮᠥᠩᠭᠦ ᠶᠢ ᠠᠮᠤᠷ ᠲᠦᠪᠰᠢᠨ᠂ ᠵᠢᠷᠤᠮᠵᠢᠯ ᠲᠠᠢ᠂ ᠪᠦᠲᠦᠮᠵᠢᠲᠡᠢ ᠬᠡᠷᠡᠭᠯᠡᠬᠦ ᠶᠢ | ᠪᠠᠲᠤᠯᠠᠬᠤ ᠬᠡᠷᠡᠭᠲᠡᠢ ᠭᠡᠵᠡᠢ᠃ | ᠬᠤᠷᠠᠯ ᠳᠡᠭᠡᠷ᠎ᠡ ᠪᠠᠰᠠ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠠᠬᠢ | ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ᠂ ᠶᠠᠳᠠᠭᠤ ᠶᠢ ᠲᠡᠳᠬᠦᠬᠦ᠂ ᠭᠠᠯ ᠢ ᠰᠡᠷᠭᠡᠶᠢᠯᠡᠬᠦ᠂ ᠠᠶᠤᠯᠭᠦᠢ | ᠦᠢᠯᠡᠳᠪᠦᠷᠢᠯᠡᠯ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠾᠧ | ᠬᠠᠢ ᠳ᠋ᠦᠩ ᠵᠢᠴᠢ ᠬᠤᠲᠠ ᠶᠢᠨ ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ | ᠭᠡᠰᠢᠭᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠡᠯ᠎ᠡ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ | ᠣᠷᠣᠯᠴᠠᠪᠠ᠃ |