ᠨᠢᠭᠡ᠂ ︽ᠵᠠᠷᠯᠠᠯ︾ ᠢ ᠨᠡᠶᠢᠲᠡᠯᠡᠭᠰᠡᠨ ᠠᠬᠤᠢ ᠪᠠᠶᠢᠳᠠᠯ | ᠭᠠᠶᠢᠯᠢ ᠶᠢᠨ ᠶᠠᠪᠤᠳᠠᠯ ᠤᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠣᠯ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢᠨ ᠡᠷᠬᠡ ᠪᠠᠨ ᠬᠡᠷᠡᠭᠵᠢᠭᠦᠯᠬᠦ᠂ ᠬᠠᠮᠢᠶᠠᠷᠤᠯᠲᠠ ᠶᠢ ᠬᠡᠷᠡᠭᠵᠢᠭᠦᠯᠬᠦ ᠴᠢᠬᠤᠯᠠ ᠦᠨᠳᠦᠰᠦ ᠪᠠᠷᠢᠮᠲᠠ | ᠮᠥᠨ᠂ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠲᠦ ᠬᠥᠮᠥᠨ ᠵᠡᠷᠭᠡ | ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠤ ᠡᠷᠬᠡ ᠡᠭᠦᠷᠭᠡ ᠬᠠᠷᠢᠭᠤᠴᠠᠯᠭ᠎ᠠ ᠳᠤ | ᠴᠢᠬᠤᠯᠠ ᠶᠡᠭᠡ ᠨᠥᠯᠥᠭᠡ ᠲᠠᠢ᠃ ᠭᠠᠶᠢᠯᠢ ᠶᠢᠨ ᠶᠠᠪᠤᠳᠠᠯ ᠤᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠴᠡᠪᠡᠷᠯᠡᠵᠦ᠂ ᠭᠠᠶᠢᠯᠢ ᠶᠢᠨ ᠬᠠᠤᠯᠢ ᠶᠢᠨ ᠰᠢᠰᠲ᠋ᠧᠮᠵᠢ ᠶᠢ ᠨᠢᠭᠡᠳᠦᠭᠦᠯᠦᠨ ᠲᠡᠭᠦᠯᠳᠡᠷᠵᠢᠭᠦᠯᠬᠦ ᠨᠢ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠶᠢᠨ ᠬᠠᠤᠯᠢ ᠶᠤᠰᠤᠭᠠᠷ ᠵᠠᠰᠠᠭ ᠶᠠᠪᠤᠭᠤᠯᠬᠤ ᠳᠤ ᠲᠤᠰᠠᠲᠠᠢ᠂ ᠭᠠᠶᠢᠯᠢ ᠲᠤᠰᠢᠶᠠᠭᠴᠢ | ᠵᠡᠷᠭᠡ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠤ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢ ᠴᠠᠭ | ᠲᠤᠬᠠᠢ ᠳᠤᠨᠢ ᠣᠶᠢᠯᠠᠭᠠᠵᠤ ᠡᠵᠡᠮᠰᠢᠬᠦ ᠳᠤ ᠲᠤᠰᠠᠲᠠᠢ᠃ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ︽ | ᠭᠠᠶᠢᠯᠢ ᠶᠢᠨ ᠶᠠᠪᠤᠳᠠᠯ ᠤᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠬᠠᠮᠢᠶᠠᠷᠤᠯᠲᠠ ᠶᠢᠨ | ᠠᠷᠭ᠎ᠠ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠪᠢᠴᠢᠭ ᠮᠠᠲ᠋ᠧᠷᠢᠶᠠᠯ ᠢ ᠴᠡᠪᠡᠷᠯᠡᠬᠦ ᠠᠵᠢᠯ ᠢ ᠲᠠᠰᠤᠯᠳᠠᠯ | ᠦᠭᠡᠢ ᠬᠢᠵᠦ᠂ ᠴᠡᠪᠡᠷᠯᠡᠭᠰᠡᠨ ᠳ᠋ᠦᠩ ᠢ ᠦᠨᠳᠦᠰᠦᠯᠡᠨ᠂ ᠬᠦᠴᠦᠨ ᠦᠭᠡᠢ ᠪᠣᠯᠣᠭᠰᠠᠨ ᠬᠦᠴᠦᠨ ᠦᠭᠡᠢ | ᠪᠣᠯᠭᠠᠭᠰᠠᠨ ᠭᠠᠶᠢᠯᠢ ᠶᠢᠨ ᠶᠠᠪᠤᠳᠠᠯ ᠤᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ | ᠨᠢᠭᠡᠳᠦᠯᠲᠡᠢ ᠨᠡᠶᠢᠲᠡᠯᠡᠪᠡ᠃ | ᠬᠤᠶᠠᠷ᠂ ︽ᠵᠠᠷᠯᠠᠯ︾ ᠤᠨ ᠭᠤᠣᠯ ᠠᠭᠤᠯᠭ᠎ᠠ | 32 ᠭᠠᠶᠢᠯᠢ ᠶᠢᠨ ᠶᠠᠪᠤᠳᠠᠯ ᠤᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠬᠦᠴᠦᠨ ᠦᠭᠡᠢ ᠪᠣᠯᠵᠤ | ᠬᠦᠴᠦᠨ ᠦᠭᠡᠢ ᠪᠣᠯᠭᠠᠪᠠ᠂ ᠭᠤᠣᠯ ᠰᠢᠯᠲᠠᠭᠠᠨ ᠨᠢ᠂ ᠡᠳᠡᠭᠡᠷ ᠪᠢᠴᠢᠭ ᠮᠠᠲ᠋ᠧᠷᠢᠶᠠᠯ ᠨᠢ ᠨᠢᠭᠡᠨᠲᠡ ᠰᠢᠨ᠎ᠡ | ᠲᠣᠭᠲᠠᠭᠠᠯ ᠢᠶᠠᠷ ᠰᠣᠯᠢᠭᠳᠠᠪᠠ᠂ ᠵᠢᠱᠢᠶᠡᠯᠡᠪᠡᠯ᠄ ᠭᠠᠶᠢᠯᠢ ᠪᠠᠶᠢᠴᠠᠭᠠᠭᠴᠢ ᠶᠢᠨ ᠬᠡᠷᠡᠭ ᠡᠷᠬᠢᠯᠡᠬᠦ ᠭᠠᠵᠠᠷ᠂ ᠮᠠᠰᠢᠨᠲᠤ | ᠲᠡᠷᠭᠡ ᠶᠢᠨ ᠭᠠᠶᠢᠯᠢ ᠶᠢᠨ ᠬᠠᠮᠢᠶᠠᠷᠤᠯᠲᠠ᠂ ᠭᠠᠳᠠᠭᠠᠳᠤ ᠭᠠᠷᠭᠠᠯᠳᠠ ᠶᠢᠨ ᠭᠠᠶᠢᠯᠢ ᠶᠢ ᠪᠤᠴᠠᠭᠠᠬᠤ ︵ᠬᠡᠯᠲᠦᠷᠢᠭᠦᠯᠬᠦ︶ | ᠬᠠᠮᠢᠶᠠᠷᠤᠯᠲᠠ ᠶᠢᠨ ᠲᠣᠭᠲᠠᠭᠠᠯ᠂ ᠡᠰᠡᠬᠦᠯ᠎ᠡ ᠲᠤᠭᠲᠠᠭᠠᠭᠰᠠᠨ ᠡᠭᠦᠷᠭᠡ ᠶᠢ ᠨᠢᠭᠡᠨᠲᠡ ᠪᠡᠶᠡᠯᠡᠭᠦᠯᠵᠦ᠂ ᠵᠠᠯᠭᠠᠨ | ᠬᠡᠷᠡᠭᠵᠢᠭᠦᠯᠬᠦ ᠴᠢᠬᠤᠯᠠ ᠦᠭᠡᠢ ᠪᠣᠯᠣᠭᠰᠠᠨ᠃ | |