ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ | ᠪᠠᠳᠠᠷᠠᠭᠤᠯᠤᠨ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠳᠬᠤᠵᠤ᠂ ᠨᠥᠭᠦᠭᠡ | ᠲᠠᠯ᠎ᠠ ᠪᠠᠷ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠠᠳᠬᠤᠨ᠂ ᠪᠦᠲᠦᠮᠵᠢᠲᠡᠢ | ᠠᠷᠭ᠎ᠠ ᠬᠡᠮᠵᠢᠶ᠎ᠡ ᠠᠪᠴᠤ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠵᠠᠷᠤᠴᠠᠭᠤᠯᠬᠤ ᠶᠢ ᠲᠦᠷᠭᠡᠳᠬᠡᠨ᠂ | ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢᠨ ᠨᠠᠷᠢᠯᠢᠭᠵᠢᠨ ᠨᠠᠶᠢᠳᠠᠪᠤᠷᠢᠵᠢᠬᠤ ᠶᠢ ᠪᠠᠲᠤᠯᠠᠪᠠ᠃ ᠡᠨᠡ | ᠵᠢᠯ ᠤᠨ 3 ᠳ᠋ᠤᠭᠠᠷ ᠰᠠᠷ᠎ᠠ ᠶᠢᠨ ᠬᠤᠲᠠ ᠶᠢᠨ ᠲᠤᠰ ᠱᠠᠲᠤᠨ ᠤ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠡᠯᠡ | ᠮᠥᠩᠭᠦ ᠶᠢ ᠬᠡᠷᠡᠭᠯᠡᠭᠰᠡᠨ ᠪᠠᠶᠢᠳᠠᠯ ᠢ ᠳᠣᠣᠷᠠᠬᠢ ᠮᠡᠲᠦ ᠮᠡᠳᠡᠭᠡᠯᠡᠪᠡ᠄ | ᠨᠢᠭᠡ᠂ ᠨᠡᠶᠢᠭᠡᠮ ᠤᠨ ᠪᠠᠲᠤᠯᠠᠭ᠎ᠠ ᠪᠠ ᠣᠯᠠᠨ ᠨᠡᠶᠢᠲᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ | ︵ᠨᠢᠭᠡ︶ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ | 1. ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ | ᠨᠥᠬᠦᠪᠦᠷᠢ ᠶᠢᠨ ᠪᠡᠯᠡ ᠮᠥᠩᠭᠦ 916.27 ᠲᠦᠮᠡᠨ ᠲᠥᠭᠦᠷᠢᠭ ᠪᠠᠭᠤᠯᠭᠠᠵᠤ᠂ ᠬᠥᠮᠥᠨ ᠪᠦᠷᠢ ᠰᠠᠷ᠎ᠠ ᠪᠦᠷᠢ | 2950 ᠲᠥᠭᠦᠷᠢᠭ ᠤᠨ ᠪᠠᠷᠢᠮᠵᠢᠶ᠎ᠠ ᠪᠠᠷ 2018 ᠣᠨ ᠪᠠ 2019 ᠣᠨ ᠳᠤ ᠡᠯᠰᠡᠭᠰᠡᠨ ᠦᠢᠯᠡᠴᠢᠯᠡᠭᠡᠨ ᠤ | ᠬᠥᠮᠥᠰ ᠲᠤ ᠨᠥᠬᠦᠪᠦᠷᠢ ᠣᠯᠭᠤᠪᠠ᠃ | 2. ︽ ᠭᠤᠷᠪᠠᠨ ᠠᠷᠠᠳ︾ ᠬᠥᠮᠥᠰ ᠤᠨ ᠨᠥᠬᠦᠪᠦᠷᠢ ᠶᠢᠨ ᠪᠡᠯᠡ ᠮᠥᠩᠭᠦ 241 ᠲᠦᠮᠡᠨ ᠲᠥᠭᠦᠷᠢᠭ | ᠪᠠᠭᠤᠯᠭᠠᠵᠤ᠂ ︽ ᠭᠤᠷᠪᠠᠨ ᠠᠷᠠᠳ︾ ᠬᠥᠮᠥᠰ ᠢ ᠠᠰᠠᠷᠠᠨ ᠲᠡᠵᠢᠭᠡᠬᠦ ᠨᠥᠬᠦᠪᠦᠷᠢ ᠳᠤ ᠲᠤᠰᠬᠠᠶᠢᠯᠠᠨ ᠬᠡᠷᠡᠭᠯᠡᠪᠡ᠃ | ᠬᠥᠮᠥᠨ ᠪᠦᠷᠢ ᠰᠠᠷ᠎ᠠ ᠪᠦᠷᠢ 1045 ᠲᠥᠭᠦᠷᠢᠭ ᠤᠨ ᠪᠠᠷᠢᠮᠵᠢᠶ᠎ᠠ ᠪᠠᠷ᠂ ᠲᠥᠷᠥ ᠶᠢᠨ ᠪᠣᠳᠣᠯᠭ᠎ᠠ ᠳᠤ ᠨᠡᠶᠢᠴᠡᠬᠦ ︽ | ᠭᠤᠷᠪᠠ ᠠᠷᠠᠳ︾ ᠬᠥᠮᠥᠰ ᠲᠤ ᠨᠥᠬᠦᠪᠦᠷᠢ ᠣᠯᠭᠤᠪᠠ᠃ | 3. 80 ᠨᠠᠰᠤᠨ ᠠᠴᠠ ᠳᠡᠭᠡᠭᠰᠢᠬᠢ ᠨᠠᠰᠤᠳᠠᠳ ᠤᠨ ᠦᠨᠳᠦᠷ ᠨᠠᠰᠤᠨ ᠤ ᠨᠡᠮᠡᠷᠢ ᠮᠦᠩᠭᠦ 1336.1 | ᠲᠦᠮᠡᠨ ᠲᠥᠭᠦᠷᠢᠭ ᠪᠠᠭᠤᠯᠭᠠᠵᠤ᠂ ᠮᠠᠨ ᠤ ᠬᠤᠲᠠ ᠶᠢᠨ ᠡᠷᠦᠬᠡ ᠠᠮᠠ ᠲᠠᠢ 80 ᠨᠠᠰᠤᠨ ᠠᠴᠠ ᠳᠡᠭᠡᠭᠰᠢᠬᠢ | ᠨᠠᠰᠤᠳᠠᠳ ᠲᠤ ᠥᠨᠳᠥᠷ ᠨᠠᠰᠤᠨ ᠤ ᠨᠥᠬᠦᠪᠦᠷᠢ ᠣᠯᠭᠤᠬᠤ ᠳᠤ ᠲᠤᠰᠬᠠᠢ ᠬᠡᠷᠡᠭᠯᠡᠪᠡ᠃ ᠨᠥᠬᠦᠪᠦᠷᠢ ᠶᠢᠨ ᠪᠠᠷᠢᠮᠵᠢᠶ᠎ᠠ | ᠄ 80 ᠨᠠᠰᠤᠨ - 99 ᠨᠠᠰᠤᠲᠠᠢ ᠨᠠᠰᠤᠲᠠᠨ ᠬᠥᠮᠥᠨ ᠪᠦᠷᠢ ᠰᠠᠷ᠎ᠠ ᠪᠦᠷᠢ 100 ᠲᠥᠭᠦᠷᠢᠭ᠂ 100 | ᠨᠠᠰᠤᠨ ᠠᠴᠠ ᠳᠡᠭᠡᠭᠰᠢᠬᠢ ᠨᠠᠰᠤᠲᠠᠨ ᠬᠥᠮᠥᠨ ᠪᠦᠷᠢ ᠰᠠᠷ᠎ᠠ ᠪᠦᠷᠢ 600 ᠲᠥᠭᠦᠷᠢᠭ᠃ | 4. ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ 192 ᠲᠦᠮᠡᠨ ᠲᠥᠭᠦᠷᠢᠭ ᠪᠠᠭᠤᠯᠭᠠᠪᠠ᠃ | ︵ᠬᠤᠶᠠᠷ︶ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠲᠠᠯ᠎ᠠ ᠪᠠᠷ | ︽ ᠭᠡᠷᠡᠯ ᠭᠡᠭᠡ ᠶᠢᠨ ᠠᠶᠠᠯᠠᠯ︾ ᠴᠠᠭᠠᠨ ᠬᠠᠷᠠᠩ ᠡᠪᠡᠳᠴᠢᠲᠡᠨ ᠳᠤ ᠬᠠᠷᠠᠭ᠎ᠠ ᠣᠷᠣᠭᠤᠯᠬᠤ | ᠠᠵᠢᠯᠯᠠᠭ᠎ᠠ ᠳᠤ 84.56 ᠲᠦᠮᠡᠨ ᠲᠥᠭᠦᠷᠢᠭ ᠪᠠᠭᠤᠯᠭᠠᠵᠤ᠂ ᠴᠠᠭᠠᠨ ᠬᠠᠷᠠᠩ ᠡᠪᠡᠳᠴᠢᠲᠡᠨ ᠤ ᠮᠡᠰᠡ ᠵᠠᠰᠠᠯ ᠤᠨ | ᠨᠥᠬᠦᠪᠦᠷᠢ ᠳᠤ ᠬᠡᠷᠡᠭᠯᠡᠪᠡ᠃ | ︵ᠭᠤᠷᠪᠠ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠠᠯ᠎ᠠ ᠪᠠᠷ | ᠬᠤᠲᠠ ᠶᠢᠨ ᠲᠤᠰ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ 2105 | ᠲᠦᠮᠡᠨ ᠲᠥᠭᠦᠷᠢᠭ ᠪᠠᠭᠤᠯᠭᠠᠪᠠ᠃ | ᠬᠤᠶᠠᠷ᠂ ᠰᠤᠷᠭᠠᠨ ᠬᠥᠮᠥᠵᠢᠯ᠂ ᠰᠣᠶᠣᠯ ᠤᠨ ᠠᠵᠤ ᠦᠢᠯᠡᠰ ᠢ ᠳᠡᠮᠵᠢᠭᠰᠡᠨ ᠪᠠᠶᠢᠳᠠᠯ | ︵ᠨᠢᠭᠡ︶ ᠰᠤᠷᠭᠠᠨ ᠬᠥᠮᠥᠵᠢᠯ ᠤᠨ ᠲᠠᠯ᠎ᠠ ᠪᠠᠷ | 1. ᠣᠨᠴᠠᠭᠠᠢ ᠰᠤᠷᠭᠠᠨ ᠬᠥᠮᠥᠵᠢᠯ ᠤᠨ ᠲᠤᠰᠬᠠᠢ ᠲᠥᠷᠥᠯ ᠤᠨ ᠨᠥᠬᠦᠪᠦᠷᠢ ᠪᠡᠯᠡ ᠮᠥᠩᠭᠦ 315 ᠲᠦᠮᠡᠨ | ᠲᠥᠭᠦᠷᠢᠭ ᠪᠠᠭᠤᠯᠭᠠᠵᠤ᠂ ᠭᠤᠣᠯᠳᠠᠭᠤ ᠣᠨᠴᠠᠭᠠᠢ ᠰᠤᠷᠭᠠᠨ ᠬᠥᠮᠥᠵᠢᠯ ᠤᠨ ᠪᠣᠯᠪᠠᠰᠤᠷᠠᠯ᠂ ᠣᠨᠴᠠᠭᠠᠢ ᠰᠤᠷᠭᠠᠨ | ᠬᠥᠮᠥᠵᠢᠯ ᠤᠨ ᠰᠤᠷᠭᠠᠭᠤᠯᠢ ᠶᠢᠨ ᠲᠥᠬᠦᠭᠡᠷᠦᠮᠵᠢ ᠬᠤᠳᠠᠯᠳᠤᠨ ᠠᠪᠬᠤ᠂ ᠡᠮᠴᠢᠯᠡᠭᠡ ᠰᠤᠷᠭᠠᠨ ᠬᠥᠮᠥᠵᠢᠯ ᠢ | ᠤᠶᠠᠯᠳᠤᠭᠤᠯᠬᠤ ᠵᠡᠷᠭᠡ ᠲᠥᠷᠥᠯ ᠵᠦᠢᠯ ᠤᠨ ᠵᠠᠷᠤᠳᠠᠯ ᠳᠤ ᠬᠡᠷᠡᠭᠯᠡᠪᠡ᠃ | 2. ᠡᠩ ᠤᠨ ᠳᠡᠭᠡᠳᠦ ᠰᠤᠷᠭᠠᠭᠤᠯᠢ ᠶᠢᠨ ᠠᠵᠤ ᠠᠬᠤᠢ ᠶᠢᠨ ᠬᠦᠴᠢᠷᠳᠡᠯᠲᠡᠢ ᠰᠤᠷᠤᠭᠴᠢ ᠶᠢᠨ | ᠰᠤᠷᠭᠠᠭᠤᠯᠢ ᠳᠤ ᠣᠷᠣᠬᠤ ᠨᠥᠬᠦᠪᠦᠷᠢ1416 ᠲᠦᠮᠡᠨ ᠲᠥᠭᠦᠷᠢᠭ ᠪᠠᠭᠤᠯᠭᠠᠪᠠ᠃ | 3. ᠲᠥᠪ ᠤᠨ ᠲᠤᠰᠬᠠᠢ ᠲᠥᠷᠥᠯ ᠤᠨ ᠱᠠᠩᠨᠠᠯᠲᠤ ᠰᠤᠭᠤᠯᠠᠭ᠎ᠠ ᠶᠢᠨ ᠨᠡᠶᠢᠲᠡ ᠶᠢᠨ ᠠᠰᠠᠷᠠᠮᠵᠢ ᠠᠴᠠ | ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠤ ᠲᠥᠷᠥᠯ ᠵᠦᠢᠯ ᠢ ᠳᠡᠮᠵᠢᠬᠦ ᠪᠡᠯᠡ | ᠮᠥᠩᠭᠦ153 ᠲᠦᠮᠡᠨ ᠲᠥᠭᠦᠷᠢᠭ ᠪᠠᠭᠤᠯᠭᠠᠵᠤ᠂ ᠭᠤᠣᠯᠳᠠᠭᠤ ᠨᠥᠬᠦᠪᠦᠷᠢ ᠲᠣᠨᠤᠭ ᠲᠥᠬᠦᠭᠡᠷᠦᠮᠵᠢ ᠶᠢ ᠵᠠᠰᠠᠨ | ᠰᠡᠯᠪᠢᠬᠦ ᠪᠠ ᠡᠷᠭᠢᠯᠲᠡ ᠶᠢᠨ ᠵᠠᠷᠤᠳᠠᠯ ᠳᠤ ᠬᠡᠷᠡᠭᠯᠡᠪᠡ᠃ | ︵ᠬᠤᠶᠠᠷ︶ ᠰᠣᠶᠣᠯ ᠤᠨ ᠠᠵᠤ ᠦᠢᠯᠡᠰ ᠤᠨ ᠲᠠᠯ᠎ᠠ ᠪᠠᠷ | 1. ᠲᠥᠪ ᠠᠴᠠ ᠣᠷᠣᠨ ᠨᠤᠲᠤᠭ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢᠨ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠡᠯᠡ ᠮᠥᠩᠭᠦ 443.47 ᠲᠦᠮᠡᠨ ᠲᠥᠭᠦᠷᠢᠭ | ᠪᠠᠭᠤᠯᠭᠠᠵᠤ᠂ ᠭᠤᠣᠯᠳᠠᠭᠤ ᠤᠯᠤᠰ ᠤᠨ ᠲᠡᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠰᠢ ᠵᠦᠴᠦᠭᠡ ᠶᠢ | ᠬᠥᠳᠡᠭᠡ ᠲᠣᠰᠬᠤᠨ ᠳᠤ ᠣᠷᠣᠭᠤᠯᠬᠤ ᠨᠥᠬᠦᠪᠦᠷᠢ ᠵᠢᠴᠢ ᠰᠢᠯᠵᠢᠭᠡ ᠲᠠᠶᠢᠰᠠᠨ ᠤ ᠲᠡᠷᠭᠡ ᠬᠦᠰᠬᠡ ᠶᠢᠨ | ᠨᠥᠬᠦᠪᠦᠷᠢ ᠳᠤ ᠬᠡᠷᠡᠭᠯᠡᠪᠡ᠃ | 2. ᠮᠦᠽᠧᠢ ᠳᠤᠷᠠᠰᠬᠠᠯ ᠤᠨ ᠣᠷᠳᠣᠨ ᠢ ᠠᠯᠬᠤᠮ ᠠᠯᠬᠤᠮ ᠢᠶᠠᠷ ᠨᠡᠭᠡᠭᠡᠬᠦ ᠨᠥᠬᠦᠪᠦᠷᠢ ᠶᠢᠨ ᠪᠡᠯᠡ ᠮᠥᠩᠭᠦ | 535 ᠲᠦᠮᠡᠨ ᠲᠥᠭᠦᠷᠢᠭ ᠪᠠᠭᠤᠯᠭᠠᠪᠠ᠃ | 3. ᠥᠪᠡᠷᠲᠡᠭᠡᠨ ᠵᠠᠰᠠᠬᠤ ᠣᠷᠣᠨ ᠤ ᠷᠠᠳᠢᠤ᠋ ᠲᠧᠯᠸᠢᠰ ᠤᠨ ᠪᠦᠷᠬᠦᠴᠡ ᠡᠷᠭᠢᠯᠲᠡ ᠶᠢᠨ ᠠᠷᠠᠴᠢᠯᠠᠨ | ᠬᠠᠮᠠᠭᠠᠯᠠᠬᠤ ᠪᠡᠯᠡ ᠮᠥᠩᠭᠦ 60 ᠲᠦᠮᠡᠨ ᠲᠥᠭᠦᠷᠢᠭ ᠪᠠᠭᠤᠯᠭᠠᠪᠠ᠃ | ᠭᠤᠷᠪᠠ᠂ ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠭᠰᠡᠨ ᠪᠠᠶᠢᠳᠠᠯ | ︵ᠨᠢᠭᠡ︶ ᠲᠠᠷᠢᠶᠠᠴᠢᠳ ᠲᠤ ᠠᠰᠢᠭ ᠬᠦᠷᠳᠡᠭᠡᠬᠦ ᠨᠥᠬᠦᠪᠦᠷᠢ ᠶᠢᠨ ᠲᠠᠯ᠎ᠠ ᠪᠠᠷ | 1. ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ | ᠪᠦᠲᠦᠭᠡᠭᠳᠡᠬᠦᠨ ᠢ ᠦᠢᠯᠡᠳᠪᠦᠷᠢᠯᠡᠬᠦ ᠪᠠ ᠭᠠᠳᠠᠭᠰᠢ ᠪᠣᠷᠣᠯᠠᠭᠤᠯᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ 1081 ᠲᠦᠮᠡᠨ ᠲᠥᠭᠦᠷᠢᠭ ᠪᠠᠭᠤᠯᠭᠠᠪᠠ᠃ | 2. ᠲᠥᠪ ᠤᠨ ᠡᠳ᠋ ᠤᠨ ᠵᠠᠰᠠᠭ ᠤᠨ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢ ᠮᠤᠵᠢ ᠣᠷᠣᠨ | ᠠᠯᠤᠰᠯᠠᠭᠤᠯᠤᠨ ᠲᠣᠬᠢᠷᠠᠭᠤᠯᠤᠭᠰᠠᠨ ᠣᠷᠣᠯᠭ᠎ᠠ ᠶᠢᠨ ᠲᠣᠬᠢᠷᠠᠭᠤᠯᠤᠯᠲᠠ ᠶᠢᠨ ᠵᠠᠷᠤᠳᠠᠯ ᠤᠨ ᠪᠡᠯᠡ ᠮᠥᠩᠭᠦ 70 | ᠲᠦᠮᠡᠨ ᠲᠥᠭᠦᠷᠢᠭ ᠪᠠᠭᠤᠯᠭᠠᠪᠠ᠃ | 3. ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ 900 ᠲᠦᠮᠡᠨ ᠲᠥᠭᠦᠷᠢᠭ | ᠪᠠᠭᠤᠯᠭᠠᠪᠠ᠃ | 4. ︽ ᠴᠢᠨᠠᠷ ᠰᠠᠶᠢᠲᠠᠢ ᠠᠮᠤ ᠪᠤᠳᠠᠭ᠎ᠠ ᠶᠢᠨ ᠢᠨᠵᠧᠨᠧᠷᠢᠩ︾ ᠤᠨ ᠪᠡᠯᠡ ᠮᠥᠩᠭᠦ 470 ᠲᠦᠮᠡᠨ | ᠲᠥᠭᠦᠷᠢᠭ ᠪᠠᠭᠤᠯᠭᠠᠵᠤ᠂ ᠭᠤᠣᠯᠳᠠᠭᠤ ᠴᠢᠨᠠᠷ ᠰᠠᠶᠢᠲᠠᠢ ᠠᠮᠤ ᠪᠤᠳᠠᠭ᠎ᠠ ᠶᠢ ᠱᠠᠩᠨᠠᠨ ᠬᠦᠬᠢᠭᠦᠯᠬᠦ ᠪᠡᠯᠡ | ᠮᠥᠩᠭᠦ ᠳᠤ ᠬᠡᠷᠡᠭᠯᠡᠪᠡ᠃ | 5. ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ ᠵᠢᠴᠢ ᠲᠣᠷᠭᠠᠭᠤᠯᠢ ᠶᠢᠨ ᠮᠥᠩᠭᠦ 400 ᠲᠦᠮᠡᠨ | ᠲᠥᠭᠦᠷᠢᠭ ᠪᠠᠭᠤᠯᠭᠠᠵᠤ᠂ ᠲᠠᠷᠢᠶᠠᠨ ᠭᠠᠵᠠᠷ ᠤᠨ ᠡᠵᠡᠯᠡᠨ ᠭᠡᠷᠡᠭᠯᠡᠭᠰᠡᠨ ᠭᠠᠶᠢᠯᠢ ᠶᠢ ᠪᠤᠴᠠᠭᠠᠬᠤ ᠳᠤ ᠬᠡᠷᠡᠭᠯᠡᠪᠡ᠃ | 6. ᠮᠢᠬ᠎ᠠ ᠨᠣᠭᠤᠭ᠎ᠠ ᠶᠢ ᠮᠥᠷᠳᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠠᠴᠠ | ᠢᠵᠢ ᠪᠦᠷᠢᠳᠦᠭᠦᠯᠬᠦ ᠪᠡᠯᠡ ᠮᠥᠩᠭᠦ 525.6 ᠲᠦᠮᠡᠨ ᠲᠥᠭᠦᠷᠢᠭ ᠪᠠᠭᠤᠯᠭᠠᠵᠤ᠂ ᠬᠤᠯᠢᠰᠢᠨ ᠢᠳᠡᠭᠡᠨ ᠤ | ᠢᠨᠵᠧᠨᠧᠷᠢᠩ ᠳᠤ ᠬᠡᠷᠡᠭᠯᠡᠪᠡ᠃ | 7. 2019 ᠣᠨ ᠤ ᠲᠠᠷᠢᠶᠠᠯᠠᠩ ᠣᠢ ᠰᠢᠭᠤᠢ ᠶᠢᠨ ᠳᠠᠭᠠᠳᠬᠠᠯ ᠤᠨ ᠮᠥᠩᠭᠦ ᠶᠢᠨ ᠬᠤᠲᠠ ᠶᠢᠨ | ᠱᠠᠲᠤᠨ ᠠᠴᠠ ᠢᠵᠢ ᠪᠦᠷᠢᠳᠦᠭᠦᠯᠬᠦ ᠪᠡᠯᠡ ᠮᠥᠩᠭᠦ 405.4 ᠲᠦᠮᠡᠨ ᠲᠥᠭᠦᠷᠢᠭ ᠪᠠᠭᠤᠯᠭᠠᠪᠠ᠃ | 8. ᠲᠠᠷᠢᠶᠠᠴᠢᠳ ᠲᠤ ᠠᠰᠢᠭ ᠬᠦᠷᠲᠡᠭᠡᠬᠦ ︽ᠪᠦᠷᠢᠨ ᠴᠢᠳᠠᠮᠵᠢᠲᠤ ᠺᠠᠷᠲ︾ ᠤᠨ ᠨᠥᠬᠦᠪᠦᠷᠢ ᠪᠡᠯᠡ | ᠮᠥᠩᠭᠦ 9677.3 ᠲᠦᠮᠡᠨ ᠲᠥᠭᠦᠷᠢᠭ ᠪᠠᠭᠤᠯᠭᠠᠵᠤ᠂ ᠲᠠᠷᠢᠶᠠᠴᠢᠳ ᠲᠤ ᠠᠰᠢᠭ ᠬᠦᠷᠳᠡᠭᠡᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠪᠠ᠃ | ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠯ᠎ᠠ ᠪᠠᠷ | 1. ᠲᠥᠪ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ 1301 ᠲᠦᠮᠡᠨ | ᠲᠥᠭᠦᠷᠢᠭ ᠪᠠᠭᠤᠯᠭᠠᠪᠠ᠃ | 2. ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ 8998 | ᠲᠦᠮᠡᠨ ᠲᠥᠭᠦᠷᠢᠭ ᠪᠠᠭᠤᠯᠭᠠᠵᠤ᠂ ᠶᠠᠳᠠᠭᠤ ᠶᠢ ᠲᠡᠳᠬᠦᠵᠦ ᠬᠥᠭᠵᠢᠭᠦᠯᠬᠦ ᠳᠤ ᠬᠡᠷᠡᠭᠯᠡᠪᠡ᠃ | 3. ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ︵ | ᠢᠳᠡᠬᠦ ᠤᠰᠤᠨ ᠤ ᠠᠮᠤᠷ ᠲᠦᠪᠰᠢᠨ︶ 1228 ᠲᠦᠮᠡᠨ ᠲᠥᠭᠦᠷᠢᠭ ᠪᠠᠭᠤᠯᠭᠠᠪᠠ᠃ | 4. ᠥᠪᠡᠷᠲᠡᠭᠡᠨ ᠵᠠᠰᠠᠬᠤ ᠣᠷᠣᠨ ᠤ ᠥᠭᠡᠷ᠎ᠡ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠨᠡᠭᠦᠯᠭᠡᠬᠦ ᠪᠡᠯᠡ | ᠮᠥᠩᠭᠦ 1675 ᠲᠦᠮᠡᠨ ᠲᠥᠭᠦᠷᠢᠭ ᠪᠠᠭᠤᠯᠭᠠᠪᠠ᠃ | ︵ᠭᠤᠷᠪᠠ︶ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ | 1. ᠲᠥᠪ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ 4540.3 ᠲᠦᠮᠡᠨ | ᠲᠥᠭᠦᠷᠢᠭ ᠪᠠᠭᠤᠯᠭᠠᠵᠤ᠂ ᠭᠤᠣᠯᠳᠠᠭᠤ ᠬᠥᠳᠡᠭᠡ ᠲᠣᠰᠬᠤᠨ ᠤ ᠢᠳᠡᠬᠦ ᠤᠰᠤᠨ ᠤ ᠪᠠᠷᠢᠯᠭ᠎ᠠ ᠶᠢᠨ ᠬᠠᠮᠠᠭᠠᠯᠠᠯᠲᠠ | ᠠᠷᠠᠴᠢᠯᠠᠯᠲᠠ᠂ ᠲᠤᠮᠳᠠ ᠪᠠᠷᠠᠭᠤᠨ ᠬᠡᠰᠡᠭ ᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠤ ᠪᠠᠭ᠎ᠠ ᠬᠡᠯᠪᠡᠷᠢ ᠶᠢᠨ | ᠤᠰᠤᠨ ᠴᠥᠭᠦᠷᠥᠮ ᠤᠨ ᠪᠡᠯᠡᠳᠬᠡᠮᠵᠢ ᠶᠢᠨ ᠬᠠᠮᠠᠭᠠᠯᠠᠯᠲᠠ ᠠᠷᠠᠴᠢᠯᠠᠯᠲᠠ᠂ ᠠᠭᠤᠯᠠᠨ ᠦᠶᠡᠷ ᠢ ᠰᠡᠷᠭᠡᠶᠢᠯᠡᠬᠦ | ᠢᠨᠵᠧᠨᠧᠷᠢᠩ ᠤᠨ ᠪᠤᠰᠤ ᠠᠷᠭ᠎ᠠ ᠬᠡᠮᠵᠢᠶ᠎ᠡ ᠪᠡᠯᠡᠳᠬᠡᠮᠵᠢ ᠶᠢᠨ ᠬᠠᠮᠠᠭᠠᠯᠠᠯᠲᠠ ᠠᠷᠠᠴᠢᠯᠠᠯᠲᠠ᠂ ᠤᠯᠤᠰ ᠤᠨ ᠬᠥᠷᠥᠰᠥ | ᠰᠢᠷᠤᠢ ᠶᠢ ᠬᠠᠮᠠᠭᠠᠯᠠᠬᠤ ᠭᠤᠣᠯᠳᠠᠯᠭ᠎ᠠ ᠲᠠᠢ ᠪᠠᠷᠢᠯᠭ᠎ᠠ᠂ ᠬᠥᠳᠡᠭᠡ ᠲᠣᠰᠬᠤᠨ ᠤ ᠦᠶᠡᠷ ᠢ ᠰᠡᠷᠭᠡᠶᠢᠯᠡᠬᠦ | ᠤᠷᠢᠳᠴᠢᠯᠠᠭᠰᠠᠨ ᠮᠡᠳᠡᠭᠡ ᠰᠡᠷᠡᠮᠵᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠠᠭᠤᠯᠠᠨ ᠦᠶᠡᠷ ᠢ | ᠰᠡᠷᠭᠡᠶᠢᠯᠡᠨ ᠵᠠᠰᠠᠬᠤ ᠲᠥᠷᠥᠯ ᠵᠦᠢᠯ᠂ ᠳᠤᠮᠳᠠ ᠪᠠᠭ᠎ᠠ ᠭᠤᠣᠯ ᠮᠥᠷᠡᠨ ᠢ ᠵᠠᠰᠠᠬᠤ ᠢᠨᠵᠧᠨᠧᠷᠢᠩ᠂ ᠬᠤᠰᠢᠭᠤ | ᠰᠢᠶᠠᠨ ᠤ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ᠃ | 2. ᠪᠦᠬᠦ ᠣᠷᠣᠨ ᠤ ᠶᠡᠭᠡ ᠳᠤᠮᠳᠠ ᠬᠡᠯᠪᠡᠷᠢ ᠶᠢᠨ ᠤᠰᠤᠨ ᠴᠥᠭᠦᠷᠥᠮ ᠪᠠᠶᠢᠭᠤᠯᠬᠤ ᠪᠠᠷ ᠨᠡᠭᠦᠯᠭᠡᠭᠰᠡᠨ | ᠠᠷᠠᠳ ᠤᠨ ᠰᠡᠭᠦᠯ ᠤᠨ ᠦᠶ᠎ᠡ ᠶᠢᠨ ᠲᠡᠳᠬᠦᠮᠵᠢ ᠶᠢᠨ ᠤᠯᠤᠰ ᠠᠴᠠ ᠲᠣᠭᠲᠠᠭᠠᠭᠰᠠᠨ ᠬᠥᠮᠥᠨ ᠠᠮᠠ ᠶᠢᠨ | ᠲᠤᠭ᠎ᠠ ᠠᠴᠠ ᠳᠠᠪᠠᠭᠰᠠᠨ ᠪᠡᠯᠡ ᠮᠥᠩᠭᠦ 19.9 ᠲᠦᠮᠡᠨ ᠲᠥᠭᠦᠷᠢᠭ ᠪᠠᠭᠤᠯᠭᠠᠪᠠ᠃ | ᠳᠥᠷᠪᠡ᠂ ᠨᠡᠶᠢᠲᠡ ᠶᠢᠨ ᠵᠠᠮ ᠬᠠᠷᠢᠯᠴᠠᠭ᠎ᠠ ᠶᠢᠨ ᠬᠥᠭᠵᠢᠯᠲᠡ ᠶᠢ ᠳᠡᠮᠵᠢᠭᠰᠡᠨ ᠪᠠᠶᠢᠳᠠᠯ | 1. ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠶᠢᠨ ᠴᠣᠯ ᠴᠠᠬᠢᠯᠭᠠᠨ | ᠬᠥᠳᠡᠯᠭᠡᠭᠦᠷᠲᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠢᠶᠡᠰᠦᠨ ᠮᠥᠩᠭᠦ 1532.36 ᠲᠦᠮᠡᠨ ᠲᠥᠭᠦᠷᠢᠭ | ᠪᠠᠭᠤᠯᠭᠠᠪᠠ᠃ | 2. ᠡᠩ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 1187 ᠲᠦᠮᠡᠨ ᠲᠥᠭᠦᠷᠢᠭ | ᠪᠠᠭᠤᠯᠭᠠᠪᠠ᠃ | ᠲᠠᠪᠤ᠂ ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠤᠨ ᠲᠠᠯ᠎ᠠ ᠪᠠᠷ | 2019 ᠣᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠤᠲᠠ ᠶᠢᠨ ᠱᠠᠲᠤᠨ ᠤ ᠲᠤᠰᠬᠠᠢ | ᠲᠥᠷᠥᠯ ᠤᠨ ᠨᠥᠬᠦᠪᠦᠷᠢ ᠪᠡᠯᠡ ᠮᠥᠩᠭᠦ 531.72 ᠲᠦᠮᠡᠨ ᠲᠥᠭᠦᠷᠢᠭ ᠪᠠᠭᠤᠯᠭᠠᠪᠠ᠃ |