ᠮᠠᠨ ᠤ ᠬᠤᠲᠠ ᠶᠢᠨ 2020 ᠣᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ 5  ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-28
ᠵᠠᠩ ᠪᠠᠢ ᠴᠧᠩ ᠡᠷᠬᠢᠯᠡᠪᠡ       ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 4 ᠳ᠋ᠦ᠋ᠭᠡᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠮᠠᠨ ᠤ ᠬᠤᠲᠠ ᠶᠢᠨ 2020 ᠣᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ 5  ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 38 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃       ᠬᠤᠷᠠᠯ ᠳᠡᠭᠡᠷ᠎ᠡ ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 27 ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠤᠳᠤᠷᠢᠳᠬᠤ ᠳᠤᠭᠤᠶᠢᠯᠠᠩ ᠪᠣᠯᠣᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠡᠷᠡᠰ ᠵᠢᠷᠤᠮᠯᠠᠵᠤ᠂ ︽ᠭᠠᠳᠠᠨ᠎ᠠ ᠪᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠨᠡᠮᠡᠭᠳᠡᠬᠦ ᠶᠢ ᠰᠡᠷᠭᠡᠶᠢᠯᠡᠬᠦ︾ ᠠᠵᠢᠯ ᠢ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠭᠤᠣᠯᠳᠠᠯᠭ᠎ᠠ ᠲᠠᠢ ᠭᠠᠵᠠᠷ ᠣᠷᠣᠨ ᠠᠴᠠ ᠬᠥᠬᠡᠬᠤᠲᠠ ᠳᠤ ᠢᠷᠡᠭᠰᠡᠨ ᠬᠦᠮᠦᠰ ᠢ ᠬᠠᠮᠢᠶᠠᠷᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠤᠯᠤᠰ ᠤᠨ ᠨᠢᠰᠬᠡᠯ ᠤᠨ ᠬᠢᠯᠢ ᠪᠠᠷ ᠣᠷᠣᠬᠤ  ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠥᠰ ᠢ ᠪᠠᠶᠢᠴᠠᠭᠠᠬᠤ ᠶᠣᠰᠣᠲᠠᠢ ᠶᠢ ᠪᠦᠬᠦᠨ ᠢ ᠪᠠᠶᠢᠴᠠᠭᠠᠬᠤ᠂ ᠬᠥᠮᠥᠨ ᠣᠯᠠᠨ ᠴᠤᠭᠯᠠᠷᠠᠬᠤ ᠠᠵᠤ ᠠᠬᠤᠶᠢᠯᠠᠯ ᠤᠨ ᠪᠠᠶᠢᠴᠠᠭᠠᠬᠤ ᠬᠦᠰᠡᠯ ᠲᠠᠢ ᠶᠢ ᠪᠦᠬᠦᠨ ᠢ ᠪᠠᠶᠢᠴᠠᠭᠠᠨ ᠰᠢᠭᠰᠢᠬᠦ ᠠᠵᠢᠯ ᠢ ᠰᠠᠶᠢᠲᠤᠷ ᠬᠢᠵᠦ᠂ ᠡᠷᠲᠡ ᠢᠯᠡᠷᠡᠭᠦᠯᠦᠨ᠂ ᠡᠷᠲᠡ ᠮᠡᠳᠡᠭᠦᠯᠵᠦ᠂ ᠡᠷᠲᠡ ᠲᠤᠰᠠᠭᠠᠷᠯᠠᠨ᠂ ᠡᠷᠲᠡ ᠡᠮᠨᠡᠬᠦ ᠬᠡᠷᠡᠭᠲᠡᠢ᠃ ᠬᠥᠮᠥᠨ ᠠᠮᠠᠷᠬᠠᠨ ᠴᠤᠭᠯᠠᠷᠠᠬᠤ ᠣᠷᠣᠨ ᠪᠦᠰᠡ ᠪᠠ  ᠴᠢᠬᠤᠯᠠ ᠴᠠᠭ ᠬᠤᠭᠤᠴᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ᠂ ᠪᠠᠶᠠᠷ ᠳᠤᠷᠠᠰᠬᠠᠯ ᠤᠨ ᠡᠳᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠰᠤᠷᠭᠠᠭᠤᠯᠢ ᠵᠡᠷᠭᠡ  ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠢ ᠵᠢᠯᠣᠭᠤᠳᠬᠤ ᠪᠠ  ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠤᠬᠠᠭᠤᠯᠭ᠎ᠠ ᠪᠠᠷ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠭᠰᠡᠨ ᠪᠠᠶᠢᠳᠠᠯ ᠳᠣᠣᠷ᠎ᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠦᠢᠯᠡᠳᠪᠦᠷᠢᠯᠡᠯ ᠢᠶᠠᠨ ᠪᠡᠶᠡᠯᠡᠭᠦᠯᠦᠨ  ᠦᠷ᠎ᠡ ᠪᠦᠳᠦᠮᠵᠢ ᠤᠯᠬᠤ ᠠᠵᠢᠯ ᠢ ᠠᠬᠢᠭᠤᠯᠬᠤ ᠬᠡᠷᠡᠭᠲᠡᠢ ᠭᠡᠵᠡᠢ᠃      ᠬᠤᠷᠠᠯ  ᠳᠡᠭᠡᠷ᠎ᠡ 2020 ᠣᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ 4 ᠳ᠋ᠦ᠋ᠭᠡᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠮᠡᠳᠡᠭᠡᠯᠡᠪᠡ      ᠬᠤᠷᠠᠯ ᠠᠴᠠ ᠴᠢᠬᠤᠯᠠᠴᠢᠯᠠᠭᠰᠠᠨ ᠨᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠂ ᠡᠯ᠎ᠡ ᠭᠠᠵᠠᠷ ᠣᠷᠣᠨ ᠡᠯ᠎ᠡ  ᠰᠠᠯᠠᠭ᠎ᠠ ᠮᠥᠴᠢᠷ ᠤᠨ ᠬᠢᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠥᠷᠥ ᠶᠢᠨ ᠪᠣᠳᠣᠯᠭ᠎ᠠ ᠶᠢᠨ ᠲᠣᠬᠢᠶᠠᠯ ᠢ ᠵᠠᠪᠳᠤᠨ ᠰᠠᠶᠢᠬᠠᠨ ᠬᠡᠷᠡᠭᠯᠡᠵᠦ᠂ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠤᠰᠬᠠᠢ ᠲᠥᠷᠥᠯ ᠤᠨ ᠥᠷᠢ ᠵᠡᠷᠭᠡ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠨᠡᠶᠢᠭᠡᠮ ᠤᠨ ᠬᠥᠷᠥᠩᠭᠡ ᠶᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠂ ᠴᠢᠬᠤᠯᠠ ᠶᠡᠭᠡ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠨ ᠪᠦᠲᠦᠭᠡᠨ ᠪᠠᠶᠢᠭᠤᠯᠬᠤ ᠬᠥᠭᠵᠢᠶᠡᠨᠲᠦ ᠪᠠᠶᠢᠳᠠᠯ ᠢ ᠪᠣᠢ ᠪᠣᠯᠭᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠡᠭᠡᠷ᠎ᠡ ᠰᠢᠨ᠎ᠡ ᠰᠢᠪᠲᠤᠯᠤᠯᠲᠠ  ᠭᠠᠷᠭᠠᠵᠤ᠂ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠸᠧᠨ ᠢᠦᠢ᠂ ᠰᠢᠦᠢ ᠷᠦᠢ ᠰᠢᠶᠠ᠂ ᠪᠢ ᠭᠥᠸᠧ ᠴᠧᠨ᠂ ᠵᠸᠦ ᠴᠢᠶᠠᠩ ᠂ ᠶᠦᠨ ᠰᠢᠨ ᠮᠢᠩ᠂ ᠹᠦ᠋ ᠪᠢᠨ᠂ ᠴᠢᠶᠥᠥ ᠶᠦᠨ ᠯᠢ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号