ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ
ᠨᠡᠶᠢᠲᠡᠯᠡᠭᠰᠡᠨ ᠴᠠᠭ᠄
2020-04-28
       ᠣᠶᠢᠷ᠎ᠠ ᠳᠤ᠂ ᠪᠠᠭ᠎ᠠ ᠵᠣᠣ ᠶᠢᠨ ᠡᠮᠦᠨ᠎ᠡ ᠵᠡᠭᠡᠯᠢ ᠶᠢᠨ ᠬᠡᠷᠡᠭ ᠡᠷᠬᠢᠯᠡᠬᠦ ᠭᠠᠵᠠᠷ  ᠤᠨ  ᠵᠢᠶᠠᠨ ᠬᠤᠸᠠ ᠨᠡᠶᠢᠭᠡᠮ ᠲᠣᠭᠤᠷᠢᠭ ᠤᠨ ᠵᠠᠩ ᠠᠪᠠᠭ᠋ᠠᠶ ᠤᠤᠯ ᠤᠨ ᠬᠢ ᠲᠠᠢ ᠪᠠᠨ ᠠᠳᠠᠯᠢ ᠪᠠᠷ ᠵᠢᠶᠠᠨ ᠬᠤᠸᠠ  ᠪᠸᠢ  ᠨᠡᠶᠢᠭᠡᠮ ᠲᠣᠭᠤᠷᠢᠭ ᠤᠨ  ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠴᠦ ᠡᠷᠡᠭᠦᠯᠵᠢᠯ ᠤᠨ ᠵᠠᠰᠠᠯ  ᠬᠢᠯ᠎ᠡ᠃ ᠵᠢᠶᠠᠨ ᠬᠤᠸᠠ ᠪᠧᠢ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠡᠬᠢᠯᠡᠨ ᠠᠵᠢᠯᠯᠠᠭᠰᠠᠨ ᠤ ᠳᠠᠷᠠᠭ᠎ᠠ᠂ ᠬᠠᠷᠢᠶ᠎ᠠ ᠭᠠᠵᠠᠷ ᠤᠨ ᠨᠠᠰᠤᠲᠠᠳ ᠲᠤ ᠨᠡᠶᠢᠲᠡ 800 ᠭᠠᠷᠤᠢ ᠬᠠᠶᠢᠷ᠎ᠠ ᠬᠠᠯᠠᠮᠵᠢ ᠶᠢᠨ ᠦᠢᠯᠡᠴᠢᠯᠡᠭᠡ ᠶᠢᠨ ᠺᠠᠷᠲ ᠲᠠᠷᠬᠠᠭᠠᠵᠤ᠂ 576 ᠦᠢᠯᠡᠴᠢᠯᠡᠭᠡ ᠶᠢᠨ ᠱᠠᠭᠠᠷᠳᠠᠯᠭ᠎ᠠ ᠲᠠᠢ ᠨᠠᠰᠤᠲᠠᠨ ᠲᠠᠢ ᠦᠢᠯᠡᠴᠢᠯᠡᠭᠡ ᠶᠢᠨ ᠵᠥᠪᠳᠡᠯᠴᠡᠭᠡᠷ ᠲᠣᠬᠢᠷᠠᠵᠠᠢ᠃ ᠡᠭᠦᠨ ᠤ ᠳᠣᠲᠣᠷ᠎ᠠ ᠥᠨᠳᠥᠷ  ᠨᠠᠰᠤᠳᠠᠢ᠂  ᠭᠠᠭᠴᠠ ᠪᠡᠶ᠎ᠡ᠂  ᠭᠠᠭᠴᠠᠭᠠᠷ ᠠᠮᠢᠳᠤᠷᠠᠵᠤ ᠪᠠᠶᠢᠭ᠎ᠠ᠂ ᠬᠡᠦᠬᠡᠳ ᠨᠢ ᠬᠠᠵᠠᠭᠤ ᠳᠤ   ᠨᠢ ᠦᠭᠡᠢ  ᠨᠠᠰᠤᠳᠠᠨ 40  ᠪᠤᠢ  ᠃ ᠨᠠᠰᠤᠲᠠᠳ ᠤᠨ ᠱᠠᠭᠠᠷᠳᠠᠯᠭ᠎ᠠ ᠶᠢ ᠦᠨᠳᠦᠰᠦᠯᠡᠨ᠂ ᠦᠢᠯᠡᠴᠢᠯᠡᠭᠡᠨ ᠤ ᠲᠥᠪ ᠪᠠᠰᠠ ᠠᠳᠠᠯᠢ ᠪᠤᠰᠤ ᠰᠡᠳᠦᠪ ᠲᠠᠢ ᠬᠥᠳᠡᠯᠭᠡᠭᠡᠨ ᠥᠷᠨᠢᠭᠦᠯᠵᠦ᠂ ᠲᠡᠳᠡᠨ ᠤ ᠰᠠᠶᠢᠰᠢᠶᠠᠯ ᠮᠠᠭᠲᠠᠭᠠᠯ ᠢ ᠣᠯᠣᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号