ᠭᠤᠷᠪᠠᠨ ᠱᠠᠲᠤᠨ ᠤ ᠵᠣᠬᠢᠶᠠᠨ ᠪᠠᠶᠢᠭᠤᠯᠬᠤ ᠬᠡᠯᠲᠡᠰ ᠬᠤᠯᠪᠣᠭᠠᠯᠠᠨ ᠪᠠᠶᠢᠴᠠᠭᠠᠨ ᠰᠤᠳᠤᠯᠤᠯᠲᠠ ᠬᠢᠵᠦ ᠤᠪᠤᠭ᠎ᠠ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2020-04-29
     4 ᠳ᠋ᠦ᠋ᠭᠡᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠧᠤ ᠺᠠᠶ ᠪᠦᠯᠬᠦᠮ ᠳᠠᠭᠠᠭᠤᠯᠤᠨ ᠰᠢᠨ᠎ᠡ ᠬᠤᠲᠠ ᠲᠤᠭᠤᠷᠢᠭ ᠤᠨ ᠪᠤᠷᠤᠬᠤᠰᠢᠭᠤ ᠪᠠᠯᠭᠠᠰᠤᠨ ᠤ ᠤᠪᠤᠭ᠎ᠠ ᠬᠦᠳᠡᠭᠡ ᠲᠣᠰᠬᠤᠨ ᠳᠤ ᠭᠦᠨᠵᠡᠭᠡᠶᠢᠷᠡᠨ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠪᠤᠭ᠎ᠠ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠳᠣᠨ ᠵᠤᠭᠠᠴᠠᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠥᠯᠥᠪᠵᠢᠭᠦᠯᠭᠡ ᠵᠢᠷᠤᠭ ᠲᠥᠯᠥᠪᠯᠡᠭᠡ᠂ ᠴᠡᠭᠴᠡᠯᠡᠨ ᠰᠠᠶᠢᠵᠢᠷᠠᠭᠤᠯᠬᠤ ᠪᠦᠲᠦᠭᠡᠨ ᠪᠠᠶᠢᠭᠤᠯᠤᠯᠲᠠ᠂ ᠦᠵᠡᠮᠵᠢ ᠶᠢᠨ ᠴᠣᠭᠴᠠᠯᠠᠯᠲᠠ ᠵᠡᠷᠭᠡ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠤᠪᠤᠭ᠎ᠠ ᠲᠣᠰᠬᠤᠨ ᠤ ᠣᠳᠣᠬᠠᠨ ᠤ ᠬᠥᠭᠵᠢᠯᠲᠡ ᠶᠢᠨ ᠪᠠᠶᠢᠳᠠᠯ ᠪᠣᠯᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠣᠶᠢᠯᠠᠭᠠᠪᠠ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠪᠤᠭ᠎ᠠ ᠲᠣᠰᠬᠤᠨ ᠤ ᠨᠠᠮ ᠤᠨ ᠪᠠᠶᠢᠭᠤᠯᠤᠯᠲᠠ ᠶᠢᠨ ᠦᠵᠡᠭᠦᠯᠦᠯᠭᠡ ᠶᠢᠨ ᠣᠷᠳᠣᠨ᠂ ᠨᠠᠮ ᠪᠠ ᠣᠯᠠᠨ ᠲᠦᠮᠡᠨ ᠤ ᠠᠵᠢᠯᠯᠠᠭ᠎ᠠ ᠶᠢᠨ ᠦᠢᠯᠡᠴᠢᠯᠡᠯᠲᠡ ᠤ ᠲᠥᠪ᠂ ᠲᠣᠰᠬᠤᠨ ᠤ ᠲᠡᠤᠬᠡ ᠶᠢᠨ ᠣᠷᠳᠣᠨ᠂ ᠠᠮᠲᠠᠲᠤ ᠢᠳᠡᠭᠡᠨ ᠤ ᠵᠡᠭᠡᠯᠢ᠂ ᠦᠵᠡᠮᠵᠢ ᠶᠢᠨ ᠨᠠᠭᠤᠷ ᠵᠡᠷᠭᠡ ᠭᠠᠵᠠᠷ ᠲᠤ ᠪᠠᠶᠢᠴᠠᠭᠠᠨ ᠰᠤᠳᠤᠯᠪᠠ᠃
     ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ᠎ᠡ ᠬᠤᠲᠠ ᠲᠤᠭᠤᠷᠢᠭ ᠤᠨ ᠣᠶᠢᠷ᠎ᠠ ᠶᠢᠨ ᠵᠢᠯ ᠤᠨ ᠰᠢᠨ᠎ᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠮᠵᠢᠯᠲᠠᠲᠠᠶ ᠦᠢᠯᠡᠳᠦᠯᠭᠡ ᠶᠢ ᠨᠤᠲᠠᠯᠠᠵᠤ᠂ ᠬᠥᠳᠡᠭᠡ ᠲᠣᠰᠬᠤᠨ ᠤ ᠨᠠᠮ ᠤᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠬᠤ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠠᠰᠠ ᠲᠣᠰᠬᠤᠨ ᠪᠠᠯᠭᠠᠰᠤ ᠶᠢᠨ ᠨᠠᠮ ᠤᠨ ᠵᠣᠬᠢᠶᠠᠨ ᠪᠠᠶᠢᠭᠤᠯᠤᠯᠲᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠤ ᠰᠠᠭᠤᠷᠢ ᠶᠢ ᠪᠠᠬᠢᠵᠢᠭᠦᠯᠵᠦ᠂ ᠲᠣᠰᠬᠤᠨ ᠤ ᠠᠷᠠᠳ ᠢ ᠳᠠᠶᠢᠴᠢᠯᠠᠨ ᠴᠡᠭᠴᠡᠯᠡᠨ ᠵᠠᠰᠠᠬᠤ ᠪᠠ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠮᠵᠢᠵᠦ᠂ ᠡᠨᠡᠬᠦ ᠠᠵᠢᠯ ᠳᠤ ᠬᠠᠮᠵᠢᠯᠴᠠᠵᠤ᠂ ᠪᠣᠯᠪᠠᠰᠤᠨ᠂ ᠡᠮᠬᠢ ᠵᠢᠷᠤᠮ ᠲᠠᠢ᠂ ᠴᠡᠪᠡᠷ ᠲᠡᠭᠰᠢ ᠰᠢᠨ᠎ᠡ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠢᠯᠡᠷᠬᠡᠶᠢᠯᠡᠭᠰᠡᠨ ᠨᠢ᠂ ᠤᠪᠤᠭ᠎ᠠ ᠲᠣᠰᠬᠤᠨ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠠ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠠ ᠭᠠᠷᠳᠠᠴᠠ ᠪᠣᠯᠭᠠᠵᠤ᠂ ᠨᠢᠭᠡᠨ ᠦᠪᠡᠷ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠠᠮ ᠢ ᠬᠦᠴᠦᠯᠡᠨ ᠰᠦᠪᠡᠭᠴᠢᠯᠡᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠲᠥᠯᠥᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂   ᠦᠷᠭᠦᠯᠵᠢᠯᠡᠨ ᠠᠵᠤ ᠦᠢᠯᠡᠰ ᠢ ᠬᠥᠭᠵᠢᠭᠦᠯᠬᠦ᠂ ᠠᠵᠢᠯ ᠣᠯᠭᠤᠯᠲᠠ ᠶᠢ ᠠᠬᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠲᠠᠷᠢᠶᠠᠴᠢᠳ ᠤᠨ ᠵᠣᠯ ᠵᠢᠷᠭᠠᠯᠲᠤ ᠰᠡᠳᠭᠢᠯᠭᠡ ᠪᠠ ᠬᠦᠷᠲᠡᠭᠡᠮᠵᠢᠲᠦ ᠰᠡᠳᠭᠢᠯᠭᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠪᠡ᠃
     ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠤᠪᠤᠭ᠎ᠠ ᠲᠣᠰᠬᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠥᠳᠡᠭᠡ ᠲᠣᠰᠬᠤᠨ ᠤ ᠡᠬᠢ ᠪᠠᠶᠠᠯᠢᠭ ᠤᠨ ᠬᠦᠴᠦᠨ ᠵᠣᠶᠢᠯ ᠢ ᠠᠮᠢᠳᠤᠯᠢᠭᠵᠢᠭᠤᠯᠵᠤ᠂ ᠬᠥᠳᠡᠭᠡ ᠲᠤᠰᠬᠤᠨ ᠤ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠵᠤᠭᠠᠴᠠᠭᠰᠠᠳ ᠪᠠ ᠬᠤᠲᠠ ᠶᠢᠨ ᠠᠷᠠᠳ ᠲᠤ ᠲᠤᠬᠠᠶ ᠶᠢᠨ ᠭᠠᠵᠠᠷ ᠤᠨ ᠥᠪᠡᠷᠮᠢᠴᠡ ᠤᠨᠴᠠᠯᠢᠭᠲᠤ ᠳᠠᠪᠠᠭᠤᠯᠢᠭ ᠪᠠ ᠡᠯᠪᠡᠭ ᠰᠣᠶᠣᠯ ᠤᠨ ᠠᠭᠤᠯᠬᠤᠨ ᠢ ᠭᠦᠢᠴᠡᠳ ᠢᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠪᠡ᠃      ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠬᠤᠷᠢᠶ᠎ᠠ ᠳᠤ ᠰᠠᠭᠤᠭ᠎ᠠ ᠵᠣᠬᠢᠶᠠᠨ ᠪᠠᠶᠢᠭᠤᠯᠬᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠸᠠᠩ ᡁᠢ ᠴᠢᠶᠠᠩ᠂ ᠬᠥᠬᠡᠬᠤᠲᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠠᠩ ᠫᠧᠶ ᠵᠥᠩ᠂ ᠰᠢᠨ᠎ᠡ ᠬᠤᠲᠠ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠧᠶ ᠬᠤᠩ ᠵᠢᠶᠦᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤ ᠣᠷᠳᠣᠨ ᠤ ᠳᠠᠷᠤᠭ᠎ᠠ ᠹᠠᠨ ᡁᠢ ᠵᠥᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠰᠢᠶᠠᠩ ᠯᠢᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠵᠣᠣ ᠵᠢᠶᠠᠩ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠯᠢ ᠴᠢᠶᠠᠩ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠫᠧᠩ ᡁᠢ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠨ᠎ᠡ ᠬᠤᠲᠠ ᠲᠣᠭᠤᠷᠢᠭ ᠤᠨ ᠭᠤᠷᠪᠠᠨ ᠱᠠᠲᠤᠨ ᠤ ᠵᠣᠬᠢᠶᠠᠨ ᠪᠠᠶᠢᠭᠤᠯᠬᠤ ᠬᠡᠯᠲᠡᠰ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号