ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠶ ᠾᠧ ᠰᠢᠶᠠᠨ ᠤ ᠬᠤᠷᠢᠶ᠎ᠠ ᠪᠦᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-29
     ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠶ ᠾᠧ ᠰᠢᠶᠠᠨ ᠤ ᠬᠤᠷᠢᠶ᠎ᠠ 4 ᠳ᠋ᠦ᠋ᠭᠡᠷ ᠰᠠᠷ᠎ᠠ  ᠶᠢᠨ 27 ᠤ ᠡᠳᠦᠷ ᠪᠥᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠱᠢ ᠲᠠᠢ ᠹᠧᠩ ᠱᠦᠵᠢ  ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ  ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠠ ᠸᠠᠩ ᠯᠢ ᠰᠢᠶᠠ ᠱᠦᠵᠢ ᠶᠢᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠴᠢᠩ ᠱᠦᠶ ᠾᠧ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭᠠᠨ ᠤ ᠶᠠᠷᠢᠶᠠᠨ ᠤ ᠵᠣᠷᠢᠭ ᠰᠠᠨᠠᠭ᠎ᠠ᠂ ᠪᠥᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠪᠥᠬᠦ ᠬᠤᠲᠠ ᠶᠢᠨ ︽ᠰᠤᠷᠲᠠᠯ ᠢᠶᠠᠨ ᠬᠤᠪᠢᠷᠠᠭᠤᠯᠬᠤ᠂ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠠᠵᠢᠯ ᠤᠨ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠶᠦᠨ ᠯᠢᠨ ᠴᠢᠶᠦ᠋ᠩ ᠵᠢᠭᠠᠵᠤ ᠭᠠᠷᠭᠠᠭᠰᠠᠨ ᠨᠢ᠂ ᠱᠢ ᠲᠠᠢ ᠹᠧᠩ ᠨᠥᠬᠦᠷ᠂ ᠸᠠᠩ ᠯᠢ ᠰᠢᠶᠠ ᠨᠥᠬᠦᠷ ᠤᠨ ᠵᠢᠭᠠᠪᠤᠷᠢ ᠪᠣᠯᠤᠨ ᠶᠠᠷᠢᠶᠠᠨ ᠤ ᠵᠣᠷᠢᠭ ᠰᠠᠨᠠᠭ᠎ᠠ ᠪᠣᠯ ᠴᠢᠩ ᠱᠦᠢ ᠾᠧ ᠰᠢᠶᠠᠨ ᠳᠤ ᠲᠣᠭᠲᠠᠭᠰᠠᠨ ᠬᠥᠭᠵᠢᠯᠲᠡ  ᠶᠢᠨ ᠲᠥᠰᠦᠯ ᠪᠣᠯᠤᠨ᠎ᠠ᠂ ᠪᠦᠬᠦ ᠰᠢᠶᠠᠨ ᠢᠶᠠᠷ ᠢᠶᠠᠨ ᠤᠯᠤᠰ ᠲᠦᠷᠦ ᠶᠢ ᠡᠷᠬᠢᠮᠯᠡᠬᠦ ᠦᠨᠳᠦᠷᠴᠡ ᠳᠤ ᠵᠣᠭᠰᠣᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠣᠳᠣᠬᠠᠨ ᠳᠤ ᠴᠢᠩ ᠱᠦᠶ ᠾᠧ ᠰᠢᠶᠠᠨ ᠶᠠᠭ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯᠳᠤ ᠬᠤᠭᠤᠴᠠᠭᠠᠨ ᠳᠤ ᠪᠠᠶᠢᠨ᠎ᠠ᠂ ᠪᠦᠬᠦ ᠰᠢᠶᠠᠨ ᠤ ᠡᠯ᠎ᠡ ᠱᠠᠲᠤᠨ ᠤ ᠺᠠᠳ᠋ᠷᠴᠤᠳ ᠵᠠᠪᠠᠯ ᠱᠢ ᠲᠠᠢ ᠹᠧᠩ ᠨᠥᠬᠦᠷ᠂ ᠸᠠᠩ ᠯᠢ ᠰᠢᠶᠠ ᠨᠥᠬᠦᠷ ᠤᠨ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠰᠢᠶᠠᠨ ᠤ ᠨᠠᠮ ᠤᠨ ᠬᠤᠷᠢᠶ᠎ᠠ ᠶᠢᠨ ᠪᠥᠬᠦᠳᠡ ᠬᠤᠷᠠᠯ᠂ ︽ᠬᠤᠶᠠᠷ ᠬᠤᠷᠠᠯ︾ ᠳᠤ ᠲᠣᠭᠲᠠᠭᠠᠭᠰᠠᠨ ᠠᠵᠢᠯ ᠤᠨ ᠬᠠᠷᠠᠯᠲᠠ ᠶᠢ ᠴᠢᠩᠭ᠎ᠠ ᠠᠩᠬᠠᠷᠴᠤ᠂ ᠭᠤᠷᠪᠠᠨ ᠶᠡᠭᠡ ᠪᠡᠷᠬᠡ ᠰᠡᠳᠦᠪ ᠢ ᠰᠢᠶᠳᠪᠦᠷᠢᠯᠡᠬᠦ ᠲᠠᠶᠢᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠡᠯ᠎ᠡ ᠵᠦᠶᠯ ᠤᠨ ᠭᠦᠶᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠠᠵᠠ ᠲᠣᠬᠢᠶᠠᠯ ᠢ ᠠᠮᠵᠢᠨ᠂ ᠬᠦᠴᠦᠯᠡᠨ ᠤᠷᠤᠭᠰᠢᠯᠠᠵᠤ᠂ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠨᠡᠩ ᠶᠡᠭᠡ ᠰᠢᠨ᠎ᠡ ᠰᠢᠪᠲᠤᠯᠤᠯᠲᠠ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠶᠦᠨ ᠯᠢᠨ ᠴᠢᠶᠦᠩ ᠵᠢᠭᠠᠵᠤ ᠭᠠᠷᠭᠠᠭᠰᠠᠨ ᠨᠢ᠂ ᠸᠠᠩ ᠯᠢ ᠰᠢᠶᠠ ᠨᠥᠬᠦᠷ ᠪᠦᠬᠦ ᠬᠤᠲᠠ ᠶᠢᠨ ︽ᠬᠡᠪ ᠰᠤᠷᠲᠠᠯ ᠢᠶᠠᠨ ᠬᠤᠪᠢᠷᠠᠭᠤᠯᠬᠤ᠂ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠠᠵᠢᠯ ᠤᠨ ᠳᠠᠶᠢᠴᠢᠯᠠᠯᠲᠠ ᠶᠢᠨ ᠬᠤᠷᠠᠯ ᠳᠠᠬᠢ ᠶᠠᠷᠢᠶ᠎ᠠ ᠨᠢ ᠬᠡᠪ ᠰᠤᠷᠲᠠᠯ ᠤᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠨᠠᠷ᠂ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠠᠴᠠ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠬᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠡᠶ᠃ ᠢᠮᠠᠭᠲᠠ ︽ᠡᠭᠦᠷᠢᠳᠡ ᠵᠤᠬᠰᠤᠰᠢ ᠦᠭᠡᠢ ᠪᠠᠷᠢᠮᠲᠠᠯᠠᠯ︾ ᠢᠶᠠᠷ ᠰᠤᠷᠲᠠᠯ ᠤᠨ ᠪᠠᠶᠢᠭᠤᠯᠤᠯᠲᠠ ᠶᠢ ᠪᠠᠶᠢᠩᠭᠤ ᠠᠳᠬᠤᠵᠤ᠂ ᠨᠠᠷᠢᠯᠢᠭ ᠠᠳᠬᠤᠵᠤ᠂ ᠪᠣᠳᠠᠲᠠᠶ ᠠᠳᠬᠤᠬᠤ ᠬᠡᠷᠡᠭᠲᠡᠶ ᠭᠡᠵᠦ ᠴᠢᠬᠤᠯᠠᠴᠢᠯᠠᠭᠰᠠᠨ ᠤ ᠬᠠᠮᠲᠤ ︽ᠳᠣᠯᠤᠭ᠎ᠠ ᠶᠢ ᠡᠪᠳᠡᠵᠦ ᠲᠤᠯᠤᠭ᠎ᠠ ᠶᠢ ᠪᠠᠶᠢᠭᠤᠯᠬᠤ︾ ᠰᠤᠷᠲᠠᠯ ᠤᠨ ᠪᠠᠶᠢᠭᠤᠯᠤᠯᠲᠠ ᠶᠢᠨ ᠬᠠᠷᠠᠯᠲᠠ ᠶᠢ ᠳᠤᠷᠠᠳᠤᠨ ᠭᠠᠷᠭᠠᠵᠤ᠂ ᠣᠳᠣᠬᠠᠨ ᠤ ᠺᠠᠳ᠋ᠷ ᠤᠨ ᠡᠩᠨᠡᠭᠡᠨ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠭᠦᠨᠵᠡᠭᠡᠶ ᠢᠯᠡᠷᠡᠭᠦᠯᠵᠦ᠂ ᠲᠤᠶᠢᠯ ᠤᠨ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷᠲᠠᠶ ᠪᠠᠶᠢᠵᠤ᠂ ᠪᠢᠳᠡᠨ ᠤ ᠡᠯ᠎ᠡ ᠵᠦᠶᠯ ᠤᠨ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠠ ᠤᠷᠤᠭᠰᠢᠯᠠᠯᠲᠠ ᠶᠢᠨ ᠴᠢᠭᠯᠡᠯ ᠢ ᠬᠠᠩᠭᠠᠪᠠ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠭᠦᠨᠵᠡᠭᠡᠢ ᠰᠤᠷᠤᠯᠴᠠᠵᠤ᠂ ᠪᠡᠶ᠎ᠡ ᠪᠠᠷ ᠢᠶᠠᠨ ᠦᠢᠯᠡᠳᠦᠯᠭᠡᠵᠢᠭᠦᠯᠵᠦ᠂ ︽ᠬᠤᠶᠠᠷ ᠨᠢᠭᠤᠷᠳᠡᠨ︾ ᠢ ᠡᠷᠡᠰ ᠠᠷᠢᠯᠭᠠᠵᠤ᠂ ︽ᠬᠦᠷᠢᠶᠡᠨ ᠤ ᠰᠣᠶᠣᠯ︾ ᠢ ᠡᠷᠡᠰ ᠡᠪᠳᠡᠵᠦ᠂ ︽ᠨᠣᠶᠠᠨᠴᠢ ᠰᠤᠷᠲᠠᠯ︾   ᠢ ᠡᠷᠡᠰ ᠠᠷᠢᠯᠭᠠᠵᠤ᠂ ︽ᠬᠡᠦᠬᠡᠯᠳᠡᠶ ᠨᠣᠶᠠᠨ︾ ᠢ ᠡᠷᠡᠰ ᠠᠷᠢᠯᠭᠠᠵᠤ᠂ ︽ᠬᠦᠢᠲᠡᠮᠰᠦᠭ ᠡᠪᠡᠳᠴᠢᠨ︾ ᠢ ᠡᠷᠡᠰ ᠠᠷᠢᠯᠭᠠᠵᠤ᠂ ︽ᠴᠤᠭ ᠰᠦᠯᠳᠡ ᠦᠭᠡᠢ ᠪᠠᠶᠢᠬᠤ︾ ᠶᠢ ᠡᠷᠡᠰ ᠠᠷᠢᠯᠭᠠᠵᠤ᠂ ︽ᠶᠣᠰᠣ ᠲᠦᠷᠢᠮ ᠢ ᠦᠯᠦ ᠰᠠᠬᠢᠬᠤ ︾ ᠶᠢ ᠡᠷᠡᠰ ᠡᠪᠳᠡᠵᠦ᠂ ︽ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠠᠢ ᠠᠵᠢᠯᠯᠠᠬᠤ ᠶᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ︾ ᠶᠢ ᠦᠨᠡᠨᠬᠦ ᠬᠡᠪ ᠰᠤᠷᠲᠠᠯ ᠪᠣᠯᠭᠠᠬᠤ ᠬᠡᠷᠡᠭᠲᠡᠢ ᠭᠡᠵᠡᠢ᠃      ᠶᠦᠨ ᠯᠢᠨ ᠴᠢᠶᠦ᠋ᠩ ᠴᠢᠬᠤᠯᠠᠴᠢᠯᠠᠭᠰᠠᠨ ᠨᠢ᠂ ︽ᠬᠠᠷᠢᠭᠤᠴᠠᠯᠭ᠎ᠠ ᠶᠢᠨ ᠬᠠᠮᠢᠶᠠᠷᠤᠯᠲᠠ᠂ ᠤᠶᠠᠵᠤ ᠨᠠᠶᠢᠳᠠᠪᠤᠷᠢᠵᠢᠭᠤᠯᠬᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠂ ᠵᠥᠪ ᠴᠢᠭᠯᠡᠯ ᠢᠶᠠᠷ ᠤᠷᠮᠠᠰᠢᠭᠤᠯᠬᠤ᠂ ᠦᠷ᠎ᠡ ᠪᠦᠲᠦᠮᠵᠢ ᠪᠠᠷ ᠬᠠᠮᠢᠶᠠᠷᠬᠤ᠂ ᠢᠯᠡ ᠪᠠᠷ ᠬᠢᠨᠠᠯᠲᠠ ᠲᠠᠯᠪᠢᠬᠤ︾ ᠵᠢᠷᠭᠤᠭᠠᠨ ᠵᠦᠶᠯ ᠤᠨ ᠲᠣᠭᠲᠠᠴᠠ ᠶᠢ ᠯᠠᠪᠳᠠᠭᠤᠨ ᠪᠠᠲᠤᠲᠠᠢ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠬᠤ ᠠᠷᠭ᠎ᠠ᠂ ᠡᠯᠭᠦᠭᠡ ᠵᠢᠷᠤᠭ ᠢᠶᠠᠷ ᠪᠠᠶᠢᠯᠳᠤᠬᠤ ᠠᠷᠭ᠎ᠠ᠂ ᠡᠭᠦᠷᠭᠡ ᠶᠢᠨ ᠨᠠᠷᠢᠨ ᠲᠠᠩᠰᠠ ᠶᠢᠨ ᠠᠷᠭ᠎ᠠ᠂ ᠠᠮᠵᠢᠯᠲᠠ ᠪᠦᠲᠦᠮᠵᠢ ᠶᠢ ᠬᠤᠪᠢᠶᠠᠯᠴᠠᠬᠤ ᠠᠷᠭ᠎ᠠ᠂ ᠤᠶᠠᠵᠤ ᠬᠠᠷᠢᠭᠤᠴᠠᠯᠭ᠎ᠠ ᠨᠡᠬᠡᠮᠵᠢᠯᠡᠬᠦ ᠠᠷᠭ᠎ᠠ᠂ ᠵᠥᠪ ᠴᠢᠭᠯᠡᠯ ᠢᠶᠠᠷ ᠤᠷᠮᠠᠰᠢᠭᠤᠯᠬᠤ ᠠᠷᠭ᠎ᠠ ᠶᠢ ᠬᠡᠷᠡᠭᠵᠢᠭᠦᠯᠬᠦ ᠬᠡᠷᠡᠭᠲᠡᠶ᠃ ᠪᠦᠬᠦ ᠰᠢᠶᠠᠨ ᠤ ᠳᠡᠭᠡᠳᠦ ᠲᠤᠤᠷᠠᠳᠤ ᠱᠠᠲᠤᠨ ᠳᠤ ᠢᠳᠡᠪᠬᠢᠲᠡᠶ ᠪᠠᠷ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠪᠤᠢ ᠪᠣᠯᠭᠠᠵᠤ᠂ ᠠᠬᠤᠶ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠬᠡᠪ ᠳᠠᠭᠤᠷᠢᠶᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ᠃ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠤᠢ ᠪᠣᠯᠭᠠᠵᠤ᠂ ︽ᠭᠠᠷ ᠳᠠᠮᠵᠢᠪᠠᠯ ᠬᠠᠷᠢᠭᠤᠴᠠᠯᠭ᠎ᠠ ᠲᠠᠢ︾ ᠢ ᠪᠠᠷᠢᠮᠲᠠᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠦᠨᠡᠨ ᠬᠢᠨᠠᠮᠠᠭᠠᠢ ᠣᠷᠣᠵᠤ᠂ ᠦᠨᠡᠨ ᠪᠣᠳᠠᠲᠠᠶ ᠠᠷᠭ᠎ᠠ ᠭᠠᠷᠭᠠᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠵᠣᠷᠢᠭ ᠰᠠᠨᠠᠭ᠎ᠠ ᠶᠢ ᠪᠤᠢ ᠪᠣᠯᠭᠠᠵᠤ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾᠂ ︽ᠪᠢᠲᠡᠭᠦᠦ ᠴᠠᠭᠠᠷᠢᠭ ᠤᠨ ᠠᠵᠢᠯ ᠤᠨ ᠠᠷᠭ᠎ᠠ︾ ᠶᠢ ᠰᠠᠶᠢᠲᠤᠷ ᠨᠠᠢᠳᠠᠪᠤᠷᠢᠵᠢᠭᠤᠯᠬᠤ᠂ ᠠᠵᠢᠯ ᠤᠨ ᠡᠭᠦᠷᠭᠡ ᠶᠢ ᠨᠠᠷᠢᠨ ᠳᠠᠩᠰᠠ ᠶᠢᠨ ᠬᠡᠯᠪᠡᠷᠢ᠂ ᠳ᠋ᠤᠭᠠᠷ ᠬᠠᠰᠤᠬᠤ ᠬᠡᠯᠪᠡᠷᠢ ᠶᠢᠨ ᠬᠠᠮᠢᠶᠠᠷᠤᠯᠲᠠ ᠪᠠᠷ ᠬᠡᠷᠡᠭᠵᠢᠭᠦᠯᠦᠨ᠎ᠡ᠃ ᠪᠡᠶ᠎ᠡ ᠪᠠᠷ ᠢᠶᠠᠨ ᠬᠡᠪ ᠳᠦᠷᠢᠮ ᠪᠣᠯᠬᠤ ᠵᠣᠷᠢᠭ ᠰᠠᠨᠠᠭ᠎ᠠ ᠶᠢ ᠪᠤᠢ ᠪᠣᠯᠭᠠᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠢ ᠠᠳᠬᠤᠵᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠵᠠᠩᠭᠢᠯᠠᠭ᠎ᠠ  ᠶᠢᠨ ᠴᠥᠭᠡᠨ ᠲᠣᠭᠠᠲᠠᠨ ᠢᠶᠠᠷ ᠣᠯᠠᠩᠬᠢ ᠲᠤᠭ᠎ᠠ ᠶᠢ ᠳᠠᠶᠢᠴᠢᠯᠠᠬᠤ ᠬᠡᠷᠡᠭᠲᠡᠢ᠃ ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠠᠭ ᠮᠥᠴᠡ ᠶᠢ ᠵᠠᠪᠳᠤᠨ᠂ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ  ᠤᠨ ᠬᠥᠭᠵᠢᠯᠲᠡ ᠶᠢᠨ ᠬᠤᠣᠰ ᠢᠯᠠᠯᠲᠠ ᠶᠢ ᠲᠡᠮᠡᠴᠡᠨ ᠣᠯᠵᠤ᠂ ᠨᠠᠮ ᠪᠠ ᠠᠷᠠᠳ ᠲᠦᠮᠡᠨ ᠳᠤ ᠬᠠᠨᠤᠮᠵᠢᠲᠠᠢ ︽ᠲᠡᠭᠦᠰᠬᠡᠯ︾ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠡᠢ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠶᠤᠸᠠᠢ ᠺᠦᠶ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠯᠠᠨ ᠹᠧᠩ ᠬᠤᠷᠠᠯ ᠳᠡᠭᠡᠷ᠎ᠡ ᠪᠥᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠣᠰ ᠲᠣᠰ ᠤᠯᠠᠮᠵᠢᠯᠠᠪᠠ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᡁᠢ ᠴᠢᠶᠠᠩ ᠪᠥᠬᠦ ᠬᠤᠲᠠ ᠶᠢᠨ ︽ᠬᠡᠪ ᠰᠤᠷᠲᠠᠯ ᠢᠶᠠᠨ ᠬᠤᠪᠢᠷᠠᠭᠤᠯᠬᠤ᠂ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠠᠵᠢᠯ ᠤᠨ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠥᠬᠦ ᠰᠢᠶᠠᠨ ᠤ ᠡᠨᠡ ᠬᠦ ᠠᠵᠢᠯ ᠳᠤ ᠪᠠᠶᠢᠷᠢᠯᠠᠭᠤᠯᠤᠯᠲᠠ ᠬᠢᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ  ᠤᠨ ᠣᠷᠳᠣᠨ ᠤ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠮᠢᠨ ᠴᠦᠨ ᠱᠢ ᠲᠠᠢ ᠹᠧᠩ ᠤᠨ ᠪᠠᠶᠢᠴᠠᠭᠠᠨ ᠰᠤᠳᠤᠯᠤᠯᠲᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠪᠦᠬᠦ ᠰᠢᠶᠠᠨ ᠤ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号