ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 5 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-29
ᠵᠠᠩ ᠪᠠᠢ ᠴᠧᠩ ᠡᠷᠬᠢᠯᠡᠪᠡ       ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 5 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠤᠨ ᠮᠠᠨ ᠤ ᠬᠤᠲᠠ ᠳᠤ ᠢᠷᠡᠵᠦ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ  ᠢ ᠪᠠᠶᠢᠴᠠᠭᠠᠨ ᠰᠤᠳᠤᠯᠬᠤ ᠦᠶ᠎ᠡ ᠶᠢᠨ ᠵᠢᠭᠠᠪᠤᠷᠢ ᠱᠠᠭᠠᠷᠳᠠᠯᠭ᠎ᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠤᠴᠢᠷ ᠶᠠᠪᠤᠳᠠᠯ ᠢ ᠰᠤᠳᠤᠯᠵᠤ ᠬᠢᠨᠠᠨ ᠵᠥᠪᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠱᠢ ᠲᠠᠢ ᠹᠧᠩ ᠱᠦᠵᠢ ᠶᠢᠨ ᠪᠠᠶᠢᠴᠠᠭᠠᠨ ᠰᠤᠳᠤᠯᠤᠯᠲᠠ ᠶᠢᠨ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ  ᠣᠶᠢᠯᠠᠭᠠᠵᠤ  ᠂ ᠬᠡᠷᠡᠭᠵᠢᠭᠦᠯᠬᠦ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠳ᠋ᠠ ᠲᠠᠩ ᠲᠣᠭᠲᠠᠬᠤ ᠶᠢᠨ ᠴᠠᠬᠢᠯᠭᠠᠨ ᠦᠢᠯᠡᠳᠪᠦᠷᠢ ᠶᠢᠨ ᠢᠯᠴᠢ ᠶᠢᠨ ᠡᠨᠧᠷᠭᠢ ᠶᠢ ᠬᠥᠬᠡᠬᠤᠲᠠ ᠳᠤ ᠬᠦᠷᠭᠡᠬᠦ ᠢᠨᠵᠧᠨᠧᠷᠢᠩ᠂ ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ᠂ ᠴᠢᠩ ᠱᠦᠢ ᠾᠧ ᠰᠢᠶᠠᠨ ᠤ ᠲᠦᠷᠭᠡᠨ ᠤ ᠵᠠᠮ ᠤᠨ ᠲᠣᠣᠷ ᠵᠡᠷᠭᠡ ᠲᠥᠷᠥᠯ ᠵᠦᠢᠯ ᠤᠨ ᠲᠥᠯᠥᠪᠵᠢᠭᠦᠯᠭᠡ᠂ ᠵᠢᠷᠤᠭ ᠲᠥᠯᠥᠪᠯᠡᠭᠡ ᠵᠡᠷᠭᠡ ᠠᠵᠢᠯ ᠢ ᠦᠨᠡᠨ ᠬᠦ ᠰᠠᠶᠢᠲᠤᠷ ᠬᠢᠵᠦ᠂ ᠬᠠᠲᠤᠨ ᠭᠤᠣᠯ ᠳᠠᠭᠠᠤ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ  ᠶᠢ ᠨᠠᠶᠢᠷᠠᠭᠤᠯᠬᠤ   ᠯᠤᠭ᠎ᠠ ᠨᠢᠭᠡᠳᠦᠯᠲᠡᠢ ᠲᠥᠯᠥᠪᠯᠡᠨ ᠵᠣᠯᠭᠠᠭᠤᠯᠵᠤ᠂ ᠮᠠᠨ ᠤ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠬᠢᠭᠡᠳ ᠴᠢᠨᠠᠷ ᠰᠠᠶᠢᠲᠠᠢ ᠬᠥᠭᠵᠢᠯᠲᠡ ᠰᠢᠨ᠎ᠡ ᠨᠢᠭᠡᠨ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃       ᠬᠤᠷᠠᠯ ᠳᠡᠭᠡᠷ᠎ᠡ ︽ᠬᠥᠬᠡᠬᠤᠲᠠ ᠶᠢᠨ ᠭᠡᠷ ᠭᠠᠵᠠᠷ ᠬᠥᠷᠥᠩᠭᠡ ᠶᠢᠨ ᠬᠦᠷᠢᠶᠡᠨ ᠤ ︿ᠬᠡᠷᠡᠭ ᠢᠶᠠᠷ ᠵᠠᠰᠠᠬᠤ ᠶᠢ ᠠᠬᠢᠭᠤᠯᠬᠤ﹀ ᠠᠵᠢᠯ ᠤᠨ ᠬᠡᠷᠡᠭᠵᠢᠭᠦᠯᠬᠦ ᠲᠥᠰᠥᠯ︾ ᠢ ᠬᠢᠨᠡᠨ ᠵᠥᠪᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢᠨ ᠵᠠᠭᠠᠭ ᠬᠢᠵᠠᠭᠠᠷ ᠪᠠ ᠬᠦᠷᠢᠶ᠎ᠡ ᠬᠡᠪᠴᠢᠶ᠎ᠡ ᠶᠢ ᠣᠨᠣᠪᠴᠢᠲᠠᠢ ᠡᠵᠡᠮᠰᠢᠵᠦ᠂ ︽ᠬᠡᠷᠡᠭ ᠢᠶᠠᠷ ᠵᠠᠰᠠᠬᠤ ᠶᠢ ᠠᠬᠢᠭᠤᠯᠬᠤ︾ ᠠᠵᠢᠯ ᠤᠨ ᠬᠡᠷᠡᠭᠵᠢᠭᠦᠯᠬᠦ ᠲᠥᠰᠥᠯ ᠢ ᠴᠢᠩᠭ᠎ᠠ ᠨᠠᠶᠢᠳᠠᠪᠤᠷᠢᠵᠢᠭᠤᠯᠵᠤ᠂ ᠳᠠᠩᠰᠠ ᠡᠪᠬᠡᠮᠡᠯ ᠪᠠᠶᠢᠭᠤᠯᠤᠨ᠂ ᠥᠷᠢᠲᠦᠵᠦ ᠪᠠᠶᠢᠭ᠎ᠠ ᠡᠯ᠎ᠡ ᠵᠦᠢᠯ ᠤᠨ ᠲᠣᠭᠲᠠᠭᠠᠯ ᠤᠨ ᠰᠦᠢᠳᠬᠡᠯ ᠢ ᠪᠦᠬᠦ ᠬᠦᠴᠦᠨ ᠢᠶᠠᠷ ᠢᠶᠠᠨ ᠨᠡᠬᠡᠨ ᠬᠤᠷᠢᠶᠠᠵᠤ᠂ ᠲᠣᠭᠲᠠᠭᠠᠯ ᠤᠨ ᠰᠦᠢᠳᠬᠡᠯ ᠢ ᠬᠤᠶᠢᠰᠢᠯᠠᠭᠤᠯᠤᠭᠰᠠᠨ ᠥᠷᠢᠲᠦᠭᠰᠡᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠬᠡᠷᠡᠭᠲᠡᠢ᠃ ᠡᠭᠦᠨ ᠢᠶᠠᠷ ᠴᠡᠭᠡᠷᠯᠡᠯ ᠪᠣᠯᠭᠠᠨ᠂ ᠡᠯ᠎ᠡ ᠵᠦᠢᠯ ᠤᠨ ᠲᠣᠭᠲᠠᠭᠠᠯ ᠤᠨ ᠰᠦᠢᠳᠬᠡᠯ ᠢ ᠬᠤᠷᠢᠶᠠᠬᠤ᠂ ᠬᠢᠨᠠᠨ ᠬᠠᠮᠢᠶᠠᠷᠬᠤ ᠪᠠ ᠵᠠᠷᠤᠬᠤ ᠵᠡᠷᠭᠡ ᠡᠷᠭᠢᠯᠲᠡ ᠶᠢᠨ ᠲᠡᠰ ᠳᠠᠷᠠᠭᠠᠯᠠᠯ ᠢ ᠵᠢᠷᠤᠮᠵᠢᠭᠤᠯᠵᠤ᠂ ᠡᠷᠬᠡ ᠳᠠᠪᠠᠨ ᠬᠢᠨᠠᠨ ᠵᠥᠪᠰᠢᠶᠡᠷᠡᠵᠦ ᠪᠣᠯᠬᠤ ᠦᠭᠡᠢ᠂ ᠲᠣᠭᠲᠠᠭᠠᠯ ᠤᠨ ᠰᠦᠢᠳᠬᠡᠯ ᠢ ᠪᠠᠭᠤᠷᠠᠭᠤᠯᠤᠨ ᠬᠡᠯᠲᠦᠷᠢᠭᠦᠯᠬᠦ ᠠᠰᠠᠭᠤᠳᠠᠯ ᠳᠠᠬᠢᠨ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ ᠪᠠᠰᠠ ︽ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︿ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ︾ ︽ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ  ᠲᠣᠭᠤᠷᠢᠨ ᠪᠠᠶᠢᠴᠠᠭᠠᠯᠲᠠ ᠶᠢᠨ ︿ᠡᠷᠭᠢᠨ ᠬᠠᠷᠠᠵᠤ﹀ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠬᠤ ᠮᠡᠳᠡᠭᠦᠯᠦᠯᠲᠡ︾ ︽ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠥᠷᠥᠯ ᠤᠨ ᠲᠣᠭᠤᠷᠢᠨ ᠪᠠᠶᠢᠴᠠᠭᠠᠯᠲᠠ ᠶᠢᠨ ︿ᠡᠷᠭᠢᠨ ᠬᠠᠷᠠᠵᠤ﹀ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠲᠠ ᠶᠢᠨ ᠤᠳᠤᠷᠢᠳᠤᠯᠭ᠎ᠠ ᠯᠢᠦ ᠸᠧᠨ ᠢᠦᠢ᠂ ᠰᠢᠦᠢ ᠷᠦᠢ ᠰᠢᠶᠠ᠂ ᠪᠢ ᠭᠥᠸᠧ ᠴᠧᠨ᠂ ᠵᠸᠦ ᠴᠢᠶᠠᠩ ᠂ ᠹᠦ᠋ ᠪᠢᠨ᠂ ᠵᠠᠩ ᠭᠥᠸᠧ ᠫᠢᠩ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠣᠣ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号