ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ  2020 ᠣᠨ ᠤ 4 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-29
ᠵᠠᠩ ᠪᠠᠢ ᠴᠧᠩ ᠡᠷᠬᠢᠯᠡᠪᠡ       ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ2020 ᠣᠨ ᠤ 4 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠮᠵᠢ ᠶᠢ ᠰᠤᠳᠤᠯᠤᠨ ᠶᠠᠷᠢᠯᠴᠠᠵᠤ ᠰᠠᠨᠠᠯ ᠰᠣᠯᠢᠯᠴᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠸᠧᠨ ᠢᠦᠶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠤ᠂ ᠬᠤᠲᠠ ᠶᠢᠨ ᠤᠳᠤᠷᠢᠳᠤᠯᠭ᠎ᠠ ᠰᠢᠤᠢ ᠷᠦᠢ ᠰᠢᠶᠠ᠂ ᠪᠢ ᠭᠦᠸᠧ ᠴᠧᠨ᠂ ᠵᠧᠤ ᠴᠢᠶᠠᠩ᠂ ᠹᠦ᠋ ᠪᠢᠨ᠂ ᠵᠠᠩ ᠭᠦᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᠳ᠋ᠦᠩ ᠨᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠣᠶᠢᠷ᠎ᠠ ᠶᠢᠨ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠮᠵᠢ ᠲᠠᠢ ᠤᠶᠠᠯᠳᠤᠭᠤᠯᠤᠨ ᠣᠯᠤᠯᠲᠠ ᠲᠥᠷᠥᠭᠳᠡᠯ ᠢᠶᠠᠨ ᠰᠣᠯᠢᠯᠴᠠᠵᠠᠶ᠃      ᠵᠠᠩ ᠪᠠᠢ ᠴᠧᠩ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ ᠳᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠪᠠᠷᠢᠮᠵᠢᠶ᠎ᠠ ᠳᠤ ᠬᠠᠨᠳᠤᠭᠤᠯᠤᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ︽ᠭᠠᠳᠠᠨ᠎ᠠ ᠪᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠨᠡᠮᠡᠭᠳᠡᠬᠦ ᠶᠢ ᠰᠡᠷᠭᠡᠶᠢᠯᠡᠬᠦ︾  ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠨᠡᠭᠡᠭᠡᠯᠲᠡ ᠪᠠᠨ ᠥᠷᠭᠡᠳᠬᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠦᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠡᠭᠦᠷᠭᠡ ᠬᠠᠷᠠᠯᠲᠠ ᠶᠢ ᠪᠠᠲᠤᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ ᠭᠡᠵᠡᠢ᠃      ᠵᠠᠩ ᠪᠠᠢ ᠴᠧᠩ ᠴᠢᠬᠤᠯᠠᠴᠢᠯᠠᠭᠰᠠᠨ ᠨᠢ᠂ ᠣᠳᠣᠬᠠᠨ ᠳᠤ᠂ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠨᠢᠭᠡᠨᠲᠡ ᠡᠴᠦᠰ ᠤᠨ ᠶᠡᠷᠦᠩᠬᠡᠶ ᠰᠢᠪᠲᠤᠯᠤᠯᠲᠠ ᠶᠢᠨ ᠱᠠᠲᠤᠨ ᠳᠤ ᠣᠷᠣᠵᠤ᠂ ᠬᠢᠵᠦ ᠪᠠᠶᠢᠭ᠎ᠠ ᠨᠢ ᠬᠠᠲᠠᠭᠤ ᠳᠠᠶᠢᠯᠠᠯᠳᠤᠭᠠᠨ᠂ ᠬᠠᠷᠢᠭᠤᠴᠠᠯᠭ᠎ᠠ᠂ ᠣᠪᠣᠷ ᠰᠤᠷᠲᠠᠯ ᠮᠥᠨ᠃ ᠪᠠᠭ ᠤᠨ ᠭᠡᠰᠢᠭᠦᠳ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠵᠢᠯ ᠤᠨ ᠨᠠᠷᠢᠯᠢᠭ ᠣᠨᠣᠴᠠᠲᠤ ᠴᠢᠨᠠᠷ᠂ ᠪᠦᠳᠦᠮᠵᠢᠳᠤ ᠴᠢᠨᠠᠷ ᠢ ᠤᠯᠠᠮ ᠴᠢᠨᠠᠭᠰᠢᠳᠠ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠡᠭᠦᠷᠭᠡ ᠬᠠᠷᠠᠯᠲᠠ ᠲᠠᠢ ᠬᠠᠷᠢᠴᠠᠭᠤᠯᠤᠨ᠂ ᠥᠪᠡᠷ ᠥᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠲᠠᠢ ᠪᠠᠨ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠪᠦᠬᠦ ᠲᠠᠯ᠎ᠠ ᠪᠠᠷ ᠡᠮᠬᠢᠯᠡᠵᠦ᠂ ᠠᠰᠠᠭᠤᠳᠠᠯ ᠤᠨ ᠨᠠᠷᠢᠨ ᠲᠠᠩᠰᠠ ᠬᠢᠵᠦ᠂ ᠨᠢᠭᠡ ᠠᠴᠠ ᠵᠦᠢᠴᠢᠯᠡᠨ ᠭᠤᠷᠪᠠ ᠶᠢ ᠮᠡᠳᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠯ ᠢ ᠪᠠᠲᠤ ᠴᠡᠭᠡᠵᠢᠯᠡᠵᠦ᠂ ᠬᠠᠷᠢᠭᠤᠴᠠᠯᠭᠠᠲᠤ ᠤᠬᠠᠮᠰᠠᠷ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠶᠠᠮᠠᠷᠪᠠ ᠨᠥᠬᠦᠴᠡᠯ ᠰᠢᠯᠲᠠᠭᠠᠨ ᠢ ᠬᠠᠮᠢᠶᠠᠷᠬᠤ ᠦᠭᠡᠢ ᠪᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠭᠦᠷᠭᠡ ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号