ᠭᠤᠣᠯᠲᠤ ᠪᠣᠷᠣ ᠴᠡᠴᠡᠭᠯᠡᠯ᠎ᠡ
ᠨᠡᠶᠢᠲᠡᠯᠡᠭᠰᠡᠨ ᠴᠠᠭ᠄
2020-04-29
     ᠭᠤᠣᠯᠲᠤ ᠪᠣᠷᠣ ᠪᠣᠯ ᠬᠥᠬᠡᠬᠤᠲᠠ ᠶᠢᠨ ᠬᠤᠲᠠ ᠶᠢᠨ ᠬᠤᠸᠠᠷ ᠪᠣᠯᠣᠨ᠎ᠠ᠂ ᠵᠢᠯ ᠪᠦᠷᠢ ᠶᠢᠨ ᠭᠤᠣᠯᠲᠤ ᠪᠣᠷᠣ ᠴᠡᠴᠡᠭᠯᠡᠬᠦ  ᠤᠯᠠᠷᠢᠯ ᠪᠣᠯᠬᠤ ᠳᠤ᠂ ᠣᠯᠠᠨ ᠬᠤᠲᠠ ᠶᠢᠨ ᠠᠷᠠᠳ ᠥᠪᠥᠷ ᠮᠣᠩᠭᠤᠯ ᠤᠨ ᠵᠠᠩᠵᠤᠨ ᠤ ᠶᠠᠮᠤᠨ ᠮᠦᠽᠧᠢ ᠳᠤ ᠢᠷᠡᠵᠦ ᠵᠠᠭᠤᠨ ᠵᠢᠯ ᠤᠨ ᠭᠤᠣᠯᠲᠤ ᠪᠣᠷᠣ ᠶᠢ ᠰᠣᠨᠢᠷᠬᠠᠨ ᠦᠵᠡᠳᠡᠭ ᠪᠢᠯᠡ᠃ ᠥᠴᠥᠭᠡᠳᠦᠷ᠂ ᠥᠪᠥᠷ ᠮᠣᠩᠭᠤᠯ ᠤᠨ ᠵᠠᠩᠵᠤᠨ ᠤ ᠶᠠᠮᠤᠨ ᠮᠦᠽᠧᠢ ᠳᠤ ᠬᠤᠲᠠ ᠶᠢᠨ ᠠᠷᠠᠳ ᠮᠣᠳᠣᠨ ᠤ ᠳᠣᠣᠷ᠎ᠠ ᠵᠢᠷᠤᠭ ᠠᠪᠤᠭᠤᠯᠤᠨ ᠳᠤᠷᠠᠰᠬᠠᠯ ᠦᠯᠡᠳᠡᠭᠡᠵᠦ᠂ ᠠᠵᠢᠯᠲᠠᠨ ᠤᠨ ᠲᠠᠨᠢᠯᠴᠠᠭᠤᠯᠬᠤ ᠶᠢ ᠰᠣᠨᠣᠰᠴᠤ ᠪᠠᠶᠢᠪᠠ᠃  ᠣᠶᠢᠯᠠᠭᠠᠭᠰᠠᠨ ᠢᠶᠠᠷ᠂ 4 ᠰᠠᠭᠤᠷᠢ ᠭᠤᠣᠯᠲᠤ ᠪᠣᠷᠣ ᠶᠢ 182 ᠵᠢᠯ ᠤᠨ ᠡᠮᠦᠨ᠎ᠡ ᠪᠡᠭᠡᠵᠢᠩ ᠤᠨ ᠬᠠᠭᠠᠨ ᠤ ᠴᠡᠴᠡᠷᠯᠢᠭ ᠠᠴᠠ ᠵᠠᠩᠵᠤᠨ ᠤ ᠶᠠᠮᠤᠨ ᠳᠤ ᠨᠡᠭᠦᠯᠭᠡᠨ ᠠᠪᠴᠢᠷᠠᠵᠠᠢ᠃ ᠭᠤᠣᠯᠲᠤ ᠪᠣᠷᠣ ᠶᠢᠨ ᠴᠡᠴᠡᠭᠯᠡᠬᠦ ᠬᠤᠭᠤᠴᠠᠭ᠎ᠠ ᠨᠡᠯᠢᠶᠡᠳ ᠣᠬᠤᠷ᠂  ᠭᠦᠢᠬᠡᠨ ᠬᠦᠷᠡᠩ ᠥᠩᠭᠡ ᠶᠢᠨ ᠴᠡᠴᠡᠭ ᠠᠩᠭᠢᠯᠤᠮ᠎ᠠ ᠰᠠᠶᠢᠬᠠᠨ ᠥᠨᠦᠷ ᠲᠠᠢ᠂ ᠵᠢᠷᠤᠭ ᠰᠢᠭ᠋ ᠰᠠᠶᠢᠬᠠᠨ ᠬᠠᠷᠠᠭᠳᠠᠳᠠᠭ ᠪᠢᠯᠡ᠃ᠰᠤᠷᠪᠤᠯᠵᠢᠯᠠᠭᠴᠢ ᠰᠢᠦᠢ ᠲᠢᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号