2020 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ | ᠵᠡᠮᠳᠡᠭᠴᠦᠳ ᠤᠨ ᠬᠤᠯᠪᠤᠭᠠᠨ ᠤ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠵᠢᠶᠠ ᠫᠧᠩ᠂ ᠰᠤᠷᠭᠠᠨ ᠬᠥᠮᠦᠵᠢᠯ ᠪᠠ | ᠠᠵᠢᠯ ᠣᠯᠭᠤᠯᠲᠠ ᠶᠢᠨ ᠬᠡᠯᠲᠡᠰ ᠤᠨ ᠡᠷᠬᠢᠯᠡᠭᠴᠢ ᠨᠠᠷ ᠥᠪᠥᠷ ᠮᠣᠩᠭᠤᠯ ᠤᠨ ᠵᠥᠩ ᠢ ᠵᠡᠮᠳᠡᠭᠴᠦᠳ ᠤᠨ | ᠦᠢᠯᠡᠴᠢᠯᠡᠭᠡᠨ ᠤ ᠲᠥᠪ ᠲᠤ ᠬᠦᠷᠴᠦ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ | ᠪᠠᠶᠢᠴᠠᠭᠠᠨ ᠵᠢᠯᠣᠭᠤᠳᠴᠤ᠂ ᠪᠠᠶᠢᠭᠤᠯᠤᠮᠵᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ | ᠪᠠᠶᠢᠳᠠᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠪᠠᠶᠢᠳᠠᠯ ᠪᠠ ᠪᠡᠯᠡᠳᠬᠡᠯ ᠲᠥᠰᠦᠯ ᠢ ᠨᠠᠷᠢᠨ ᠣᠶᠢᠯᠠᠭᠠᠵᠤ᠂ | ᠠᠵᠢᠯᠲᠠᠨ ᠠᠵᠢᠯᠴᠢᠨ ᠤ ᠪᠠᠶᠢᠷᠢ᠂ ᠬᠤᠭᠤᠯᠠᠨ ᠬᠡᠷ᠂ ᠦᠢᠯᠡᠳᠬᠦ ᠲᠠᠰᠤᠭ ᠢ ᠲᠣᠭᠤᠷᠢᠨ ᠦᠵᠡᠪᠡ᠃ | | | | | | ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠭᠤᠷᠪᠠᠨ ᠲᠠᠯ᠎ᠠ ᠶᠢᠨ ᠪᠣᠳᠠᠲᠠᠶ ᠱᠠᠭᠠᠷᠳᠠᠯᠭ᠎ᠠ | ᠳᠤᠷᠠᠳᠴᠠᠢ᠂ ᠨᠢᠭᠡ ᠳᠤ ᠪᠠᠶᠢᠭᠤᠯᠤᠮᠵᠢ ᠬᠠᠷᠢᠶ᠎ᠠ ᠭᠠᠵᠠᠷ ᠤᠨ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ | ᠱᠠᠭᠠᠷᠳᠠᠯᠭ᠎ᠠ ᠶᠣᠰᠣᠭᠠᠷ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠭᠤᠴᠠᠭᠠᠨ ᠳᠠᠬᠢ | ᠠᠵᠢᠯᠲᠠᠨ ᠤ ᠬᠠᠮᠢᠶᠠᠷᠤᠯᠲᠠ᠂ ᠦᠢᠯᠡᠳᠬᠦ ᠲᠠᠰᠤᠭ ᠤᠨ ᠠᠷᠢᠭᠤᠳᠬᠠᠯ᠂ ᠪᠡᠶ᠎ᠡ ᠶᠢᠨ ᠳᠤᠯᠠᠭᠠᠨ ᠢ ᠪᠠᠶᠢᠴᠠᠭᠠᠨ | ᠬᠡᠮᠵᠢᠬᠦ᠂ ᠢᠳᠡᠭᠡᠨ ᠬᠤᠳᠠᠯᠳᠤᠨ ᠠᠪᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ ᠬᠠᠷᠢᠶ᠎ᠠ | ᠭᠠᠵᠠᠷ ᠤᠨ ᠵᠡᠮᠳᠡᠭᠴᠦᠳ ᠤᠨ ᠬᠤᠯᠪᠣᠭ᠎ᠠ ᠪᠠᠶᠢᠭᠤᠯᠤᠮᠵᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ | ᠰᠢᠢᠳᠪᠦᠷᠢᠯᠡᠬᠦ ᠬᠡᠷᠡᠭᠲᠡᠶ᠃ ᠭᠤᠷᠪᠠ ᠳᠤ ᠪᠠᠶᠢᠭᠤᠯᠤᠮᠵᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ | ᠬᠤᠭᠤᠴᠠᠭᠠᠨ ᠳᠤ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠭᠦᠢᠴᠡᠳ ᠪᠡᠯᠡᠳᠬᠡᠬᠦ ᠬᠡᠷᠡᠭᠲᠡᠶ ᠭᠡᠪᠡ᠃ | | | | | | ᠪᠠᠷ᠎ᠠ ᠪᠤᠯᠵᠤ ᠪᠠᠶᠢᠴᠠᠭᠠᠨ ᠵᠢᠯᠣᠭᠤᠳᠤᠭᠰᠠᠨ ᠳᠤ ᠬᠤᠳᠠ ᠶᠢᠨ ᠵᠡᠮᠳᠡᠭᠴᠦᠳ ᠤᠨ ᠬᠤᠯᠪᠣᠭᠠᠨ ᠤ ᠰᠤᠷᠭᠠᠨ | ᠬᠥᠮᠦᠵᠢᠯ ᠪᠠ ᠠᠵᠢᠯ ᠣᠯᠭᠤᠯᠲᠠ ᠶᠢᠨ ᠬᠡᠯᠲᠡᠰ ᠤᠨ ᠡᠷᠬᠢᠯᠡᠭᠴᠢ ᠸᠠᠩ ᠯᠢ ᠫᠢᠩ᠂ ᠰᠢᠨ᠎ᠡ ᠬᠤᠳᠠ ᠲᠣᠭᠤᠷᠢᠭ ᠤᠨ | ᠵᠡᠮᠳᠡᠭᠴᠦᠳ ᠤᠨ ᠬᠤᠯᠪᠤᠭᠠᠨ ᠤ ᠳᠡᠳ᠋ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠰᠢᠶᠤᠤ ᠮᠢᠨ᠂ ᠰᠤᠷᠭᠠᠨ | ᠬᠥᠮᠦᠵᠢᠯ ᠪᠠ ᠠᠵᠢᠯ ᠣᠯᠭᠤᠯᠲᠠ ᠶᠢᠨ ᠬᠡᠯᠲᠡᠰ ᠤᠨ ᠡᠷᠬᠢᠯᠡᠭᠴᠢ ᠵᠢᠶᠦ᠋ᠨ ᠫᠢᠩ ᠪᠠᠶᠢᠨ᠎ᠠ᠃ | | | |