ᠴᠢᠩ ᠱᠦᠶ ᠾᠧ ᠰᠢᠶᠠᠨ 2020 ᠣᠨ ᠤ ᠠᠶᠤᠯᠭᠦᠶ ᠦᠶᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-03
      3 ᠳ᠋ᠤᠭᠠᠷ ᠰᠠᠷ᠎ᠠ ᠶᠢᠨ 29 ᠤ ᠡᠳᠦᠷ᠂ ᠴᠢᠩ ᠱᠦᠶ ᠾᠧ ᠰᠢᠶᠠᠨ 2020 ᠣᠨ ᠤ ᠠᠶᠤᠯᠭᠦᠶ ᠦᠶᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠮᠠᠨ ᠤ ᠰᠢᠶᠠᠨ ᠤ ᠲᠦᠷᠦᠭᠦᠦ ᠨᠢᠭᠡ ᠱᠠᠲᠤᠨ ᠤ ᠠᠶᠤᠯᠭᠦᠶ ᠦᠶᠯᠡᠳᠪᠦᠷᠢᠯᠡᠯ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠡᠷᠭᠢᠴᠡᠭᠦᠯᠦᠨ ᠳ᠋ᠦᠩᠨᠡᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠪᠠᠶᠢᠳᠠᠯ ᠢ ᠰᠤᠳᠤᠯᠤᠨ ᠵᠠᠳᠠᠯᠵᠤ᠂ ᠡᠨᠡ ᠬᠠᠪᠤᠷ  ᠤᠨ ᠠᠶᠤᠯᠭᠦᠶ ᠦᠶᠯᠡᠳᠪᠦᠷᠢᠯᠡᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠣᠨᠴᠠᠭᠠᠶᠢᠯᠠᠨ ︽ᠬᠠᠩᠰᠢ ᠶᠢᠨ ᠡᠳᠦᠷ︾ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠡᠭᠦᠷᠭᠡ ᠶᠢ ᠪᠠᠶᠢᠷᠢᠯᠠᠭᠤᠯᠪᠠ᠃      ᠺᠠᠩ ᠶᠦᠩ ᠴᠢᠶᠠᠩ᠂ ᠵᠠᠩ ᠮᠢᠨ ᠴᠦᠨ᠂ ᠯᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ ᠬᠤᠲᠠ ᠶᠢᠨ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠠᠨ ᠶᠤᠸᠠᠨ ᠤᠷᠢᠯᠭ᠎ᠠ ᠪᠠᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠺᠠᠩ ᠶᠦᠩ ᠴᠢᠶᠠᠩ ᠬᠤᠷᠠᠯ ᠢ ᠡᠷᠭᠢᠯᠡᠬᠦ ᠶᠢᠨ ᠬᠠᠮᠲᠤ ᠪᠥᠬᠦ ᠰᠢᠶᠠᠨ ᠤ ᠠᠶᠤᠯ ᠥᠬᠡᠶ ᠦᠶᠯᠡᠳᠪᠦᠷᠢᠯᠡᠯ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ᠂ ᠢᠯᠠᠩᠭᠤᠶ᠎ᠠ ︽ᠬᠠᠩᠰᠢ ᠶᠢᠨ ᠡᠳᠦᠷ︾ ᠤᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠢ ᠭᠤᠷᠪᠠᠨ ᠱᠠᠭᠠᠷᠳᠠᠯᠭ᠎ᠠ ᠳᠤᠷᠠᠳᠪᠠ᠃ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠵᠡᠯ ᠰᠠᠨᠠᠭ᠎ᠠ ᠮᠢᠨᠴᠦᠭᠦᠷᠡᠵᠦ᠂ ᠭᠤᠷᠢᠳᠠᠯᠭ᠎ᠠ ᠡᠪᠦᠷᠯᠡᠬᠦ ᠶᠢ ᠲᠠᠰᠤ ᠵᠣᠭᠰᠣᠭᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠪᠣᠯᠤᠨ ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠢᠯᠡᠬᠦ ᠠᠵᠢᠯ ᠢ ᠨᠠᠷᠢᠨ ᠬᠢᠨᠠᠮᠠᠭᠠᠢ ᠠᠳᠬᠤᠵᠤ᠂ ᠰᠠᠨᠠᠭ᠎ᠠ ᠲᠠᠯᠪᠢᠬᠤ ᠬᠡᠷᠡᠭᠲᠡᠢ᠃ ᠬᠤᠶᠠᠷ ᠲᠤ ᠠᠶᠤᠯ ᠥᠬᠡᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠭᠤᠤᠯᠳᠠᠯᠭ᠎ᠠ  ᠲᠠᠢ ᠬᠦᠷᠢᠶ᠎ᠡ ᠴᠠᠷᠠᠭ᠎ᠠ᠂ ᠴᠠᠭ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠭᠤᠷᠪᠠ ᠳᠤ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ 《 ᠲᠩᠷᠢ ᠶᠢᠨ ᠴᠠᠭ᠂ ᠭᠠᠵᠠᠷ ᠤᠨ ᠠᠰᠢᠭ᠂ ᠬᠥᠮᠦᠨ ᠤ ᠨᠠᠶᠢᠷᠠᠮᠳᠠᠭᠤ 》 ᠶᠢ ᠰᠠᠶᠢᠳᠤᠷ ᠠᠳᠬᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠣᠳᠣᠬᠠᠨ ᠪᠠ ᠪᠦᠬᠦ ᠵᠢᠯ ᠤᠨ ᠠᠶᠤᠯ ᠦᠭᠡᠢ ᠦᠶᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ ᠭᠡᠵᠡᠢ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠮᠢᠨ ᠴᠦᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠪᠠ︔ ᠰᠢᠶᠠᠨ ᠤ ᠳᠡᠳ᠋ ᠳᠠᠷᠤᠭ᠎ᠠ ᠯᠢ ᠵᠢᠶᠦ᠋ᠨ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠥᠬᠦ ᠰᠢᠶᠠᠨ ᠤ ᠡᠪᠦᠯ ᠬᠠᠪᠤᠷ ᠤᠨ ᠠᠶᠤᠯᠭᠦᠶ ᠦᠶᠯᠡᠳᠪᠦᠷᠢᠯᠡᠯ ᠤᠨ ᠵᠠᠭᠤᠨ ᠡᠳᠦᠷ ᠤᠨ ᠶᠡᠭᠡ ᠪᠠᠶᠢᠴᠠᠭᠠᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ︔ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ  ᠶᠢᠨ ᠬᠠᠷᠢᠭᠤᠴᠠᠯᠭᠠᠲᠠᠨ ᠨᠢᠳᠤᠨᠤᠨ ᠤ ᠨᠠᠮᠤᠷ ᠠᠴᠠ ᠨᠠᠰᠢᠬᠢ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ︔ ᠰᠢᠶᠠᠨ ᠤ ᠴᠠᠭ ᠠᠭᠤᠷ ᠤᠨ ᠲᠣᠪᠴᠢᠶᠠᠨ ᠤ ᠬᠠᠷᠢᠭᠤᠴᠠᠯᠭᠠᠲᠠᠨ ᠡᠨᠡ ᠬᠠᠪᠤᠷ ᠤᠨ ᠤᠯᠠᠷᠢᠯ ᠤᠨ ᠴᠠᠭ ᠠᠭᠤᠷ ᠤᠨ ᠵᠢᠱᠢᠯᠲᠡ  ᠶᠢᠨ ᠪᠠᠶᠢᠳᠠᠯ ᠢ ᠮᠡᠳᠡᠭᠳᠡᠵᠡᠶ᠃      ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号