ᠰᠦᠯᠵᠢᠶᠡᠨ ᠳᠡᠭᠡᠷᠡᠬᠢ ᠬᠢᠴᠢᠶᠡᠯ ᠤᠨ ᠲᠢᠩᠬᠢᠮ
ᠨᠡᠶᠢᠲᠡᠯᠡᠭᠰᠡᠨ ᠴᠠᠭ᠄
2020-04-03
  3 ᠰᠠᠷ᠎ᠠ ᠶᠢᠨ 31 ᠤ ᠡᠳᠦᠷ᠂ ᠮᠧᠩ ᠨᠢᠤ ᠠᠵᠤ ᠦᠢᠯᠡᠳᠪᠤᠷᠢ ᠶᠢᠨ ᠵᠢᠭᠤᠯᠴᠢᠯᠠᠯ ᠤᠨ ᠦᠵᠡᠮᠵᠢ ᠶᠢᠨ ᠤᠷᠤᠨ ︽ᠤᠷᠳᠤᠨ ᠢᠶᠠᠨ ᠬᠠᠭᠠᠬᠰᠡᠨ ᠴᠤ ᠲᠡᠯᠭᠡᠨ ᠦᠵᠡᠬᠦᠯᠬᠦ ᠪᠠᠨ ᠪᠤᠯᠢᠬᠤ ᠦᠭᠡᠢ᠂ ᠬᠢᠴᠢᠶᠠᠯ ᠵᠤᠬᠰᠤᠬᠰᠡᠨ ᠴᠤ ᠰᠤᠷᠤᠯᠴᠠᠬᠤ ᠪᠠᠨ ᠳᠠᠶᠠᠭᠳᠠᠬᠤ ᠦᠭᠡᠢ︾ ᠭᠡᠬᠦ ᠭᠤᠤᠯ ᠰᠡᠳᠦᠪ ᠢᠶᠠᠷ ᠬᠦᠭᠡᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠯᠤᠭ᠎ᠠ ᠰᠦᠯᠵᠢᠶᠠᠨ ᠳᠡᠭᠡᠷ᠎ᠡ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠪᠠ᠃ ᠰᠢᠭᠤᠳ ᠨᠡᠪᠳᠡᠷᠡᠬᠦᠯᠭᠡ ᠪᠠᠷ 2500 ᠭᠠᠷᠤᠢ ᠰᠤᠷᠤᠬᠴᠢᠳ ᠢ ᠲᠠᠳᠠᠵᠤ᠂ ᠵᠤᠴᠢᠳ ᠪᠤᠯᠤᠨ ᠰᠤᠷᠤᠬᠴᠢᠳ ᠰᠤᠨᠢᠷᠬᠠᠯᠳᠠᠢ ᠪᠠᠷ ᠬᠤᠷᠰᠢᠯᠴᠠᠵᠤ᠂ ᠪᠠᠶᠠᠷ ᠬᠦᠷ ᠲᠠᠢ ᠰᠤᠷᠤᠯᠴᠠᠯᠭ᠎ᠠ ᠶᠢᠨ ᠬᠢᠴᠢᠶᠠᠯ ᠪᠤᠯᠵᠡᠢ᠃ ᠵᠢᠷᠤᠭ ᠪᠤᠯ ᠬᠦᠭᠡᠬᠤᠳᠠ ᠶᠢᠨ ᠮᠧᠩ ᠨᠢᠤ ᠠᠵᠤ ᠦᠢᠯᠡᠳᠪᠤᠷᠢ ᠶᠢᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠶᠡᠷᠤᠩᠭᠡᠢ ᠭᠡᠯᠳᠡᠰ ᠤᠨ ᠰᠤᠳᠤᠯᠤᠨ ᠨᠡᠭᠡᠭᠡᠬᠦ ᠲᠤᠮᠤ ᠠᠰᠠᠷ ᠤᠨ ᠰᠤᠳᠤᠯᠤᠨ ᠨᠡᠭᠡᠭᠡᠬᠦ ᠲᠤᠷᠰᠢᠯᠳᠠ ᠶᠢᠨ ᠲᠠᠰᠤᠭ ᠲᠤ ᠠᠵᠢᠯᠳᠡᠳ ᠸᠢᠷᠦ᠋ᠰ ᠤᠨ ᠪᠦᠭᠡᠮᠨᠡᠷᠡᠯ ᠪᠤᠯᠤᠨ ᠦᠯᠦ ᠬᠠᠯᠳᠠᠭᠠᠬᠤ ᠰᠢᠰᠲ᠋ᠧᠮ ᠤᠨ ᠬᠤᠯᠪᠤᠬᠳᠠᠯ ᠪᠦᠬᠦᠢ ᠮᠡᠳᠡᠯᠭᠡ ᠶᠢᠨ ᠲᠤᠬᠠᠢ ᠰᠢᠭᠤᠳ ᠨᠡᠪᠳᠡᠷᠡᠬᠦᠯᠭᠡ ᠬᠢᠵᠦ ᠪᠠᠶᠢᠭ᠎ᠠ ᠨᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号