ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ | ᠨᠠᠷᠠᠨᠳᠤᠩᠭᠠᠯᠠᠭ︶ 3 ᠰᠠᠷ᠎ᠠ ᠶᠢᠨ 27 ᠤ ᠡᠳᠦᠷ᠂ ᠦᠨᠳᠦᠰᠦᠲᠡᠨ ᠤ ᠳᠠᠭᠤᠯᠠᠯᠳᠤ ᠵᠦᠴᠦᠭᠡ ︽ᠵᠢᠩᠭᠠᠷ︾ ᠤᠨ | ᠵᠣᠬᠢᠶᠠᠨ ᠪᠦᠲᠦᠭᠡᠯᠭᠡ ᠵᠢᠩᠬᠢᠨᠢ ᠪᠠᠷ ᠡᠬᠢᠯᠡᠵᠦ᠂ ᠵᠣᠬᠢᠶᠠᠨ ᠪᠦᠲᠦᠭᠡᠯᠬᠡ ᠶᠢᠨ ᠶᠠᠷᠢᠯᠴᠠᠬᠤ ᠬᠤᠷᠠᠯ ᠨᠢ ᠥᠪᠥᠷ | ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠳᠤ ᠶᠠᠪᠤᠭᠳᠠᠪᠠ᠃ | ᠲᠤᠰ ᠵᠦᠴᠦᠭᠡ ᠶᠢ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠭᠤᠷᠪᠠᠨ ᠶᠡᠭᠡ | ᠪᠠᠭᠠᠲᠤᠷᠯᠢᠭ ᠲᠤᠤᠯᠢ ᠶᠢᠨ ᠨᠢᠭᠡ ᠪᠣᠯᠬᠤ ︽ᠵᠢᠩᠭᠠᠷ︾ ᠢᠶᠠᠷ ᠰᠡᠳᠦᠪᠯᠡᠵᠦ᠂ 2020 ᠣᠨ ᠠᠴᠠ 2021 ᠣᠨ | ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠪᠠ ᠤᠷᠠᠯᠢᠭ ᠵᠦᠴᠦᠭᠡ ᠶᠢᠨ | ᠬᠦᠷᠢᠶᠡᠯᠡᠩ ᠤᠨ ᠭᠤᠣᠯᠳᠠᠯᠭ᠎ᠠ ᠲᠠᠢ ᠵᠤᠬᠢᠶᠠᠨ ᠪᠦᠲᠦᠬᠡᠬᠦ ᠵᠦᠴᠦᠭᠡ ᠪᠣᠯᠣᠨ᠎ᠠ᠃ ᠳᠠᠭᠤᠯᠠᠯᠳᠤ ᠵᠦᠴᠦᠭᠡ ︽ | ᠵᠢᠩᠭᠠᠷ︾ ᠢ ᠵᠣᠬᠢᠶᠠᠭᠰᠠᠨ ᠨᠢ ᠦᠨᠳᠦᠰᠦᠲᠡᠨ ᠤ ᠰᠢᠯᠢᠳᠡᠭ ᠰᠣᠶᠣᠯ ᠢ ᠮᠠᠨᠳᠤᠭᠤᠯᠤᠨ ᠪᠠᠳᠠᠷᠠᠭᠤᠯᠵᠤ᠂ ᠮᠣᠩᠭᠤᠯ | ᠦᠨᠳᠦᠰᠦᠲᠡᠨ ᠤ ᠪᠠᠭᠠᠲᠤᠷᠯᠢᠭ ᠲᠤᠤᠯᠢ ︽ᠵᠢᠩᠭᠠᠷ︾ ᠢ ᠤᠷᠠᠯᠢᠭ ᠤᠨ ᠬᠡᠯᠪᠡᠷᠢ ᠪᠠᠷ ᠨᠡᠩ ᠥᠷᠭᠡᠨ ᠳᠡᠯᠭᠡᠷ ᠢᠶᠠᠷ | ᠤᠯᠠᠮᠵᠢᠯᠠᠬᠤ ᠶᠢᠨ ᠲᠦᠯᠦᠭᠡ ᠶᠤᠮ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠤᠷᠠᠯᠢᠭ ᠤᠨ | ᠭᠠᠵᠠᠷ ᠤᠨ ᠳᠠᠷᠤᠭ᠎ᠠ ᠰᠡᠴᠡᠨᠳᠠᠯᠠᠢ᠂ ᠵᠣᠬᠢᠶᠠᠨ ᠪᠦᠲᠦᠭᠡᠬᠦ ᠲᠥᠪ ᠤᠨ ᠱᠦᠵᠢ ᠭᠤᠤ ᠶᠠᠨ ᠲᠣᠰ ᠲᠣᠰ | ᠵᠦᠴᠦᠭᠡ ᠶᠢᠨ ᠪᠦᠲᠦᠭᠡᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠳᠠᠷᠠᠭ᠎ᠠ ᠨᠢ ᠬᠠᠰᠪᠠᠭᠠᠨ᠎ᠠ᠂ ᠤᠯᠠᠭᠠᠨ ᠤ | ᠵᠣᠬᠢᠶᠠᠨ ᠪᠦᠲᠦᠭᠡᠭᠰᠡᠨ ︽ᠪᠠᠭᠠᠲᠤᠷ ᠵᠢᠩᠭᠠᠷ ᠤᠨ ᠮᠠᠭᠲᠠᠭᠠᠯ︾ ᠭᠡᠬᠦ ᠵᠦᠴᠦᠭᠡ ᠶᠢᠨ ᠲᠤᠬᠠᠢ ᠪᠠ ᠳᠠᠭᠤᠯᠠᠯᠳᠤ | ᠵᠦᠴᠦᠭᠡ ︽ᠵᠢᠩᠭᠠᠷ︾ ᠢ ᠬᠡᠷᠬᠢᠨ ᠵᠣᠬᠢᠶᠠᠨ ᠪᠦᠲᠦᠭᠡᠬᠦ ᠶᠢᠨ ᠲᠣᠭᠤᠷᠢᠨ ᠳᠤ ᠵᠦᠴᠦᠭᠡ ᠶᠢᠨ ᠵᠣᠬᠢᠶᠠᠯ᠂ | ᠤᠷᠠᠯᠢᠭ ᠤᠨ ᠢᠯᠡᠷᠡᠭᠦᠯᠦᠯ᠂ ᠳᠠᠭᠤᠤ ᠬᠥᠭᠵᠢᠮ ᠤᠨ ᠢᠯᠡᠳᠬᠡᠮᠵᠢ ᠵᠡᠷᠭᠡ ᠲᠠᠯ᠎ᠠ ᠪᠠᠷ ᠬᠠᠯᠠᠭᠤᠨ ᠶᠠᠷᠢᠯᠴᠠᠭ᠎ᠠ ᠪᠤᠯᠵᠤ | ᠂ ᠣᠯᠠᠨ ᠢᠶᠠᠷ ᠢᠶᠠᠨ ᠡᠨᠡ ᠬᠦ ᠰᠡᠳᠦᠪ ᠰᠣᠩᠭᠤᠯᠳᠠ ᠶᠢᠨ ᠦᠨ᠎ᠡ ᠦᠷᠳᠡᠭ ᠠᠴᠢ ᠬᠤᠯᠪᠣᠭᠳᠠᠯ ᠢ ᠰᠠᠨᠠᠯ ᠨᠢᠭᠡᠲᠡᠢ | ᠨᠤᠲᠠᠯᠠᠵᠤ᠂ ᠳᠠᠷᠠᠭᠠᠴᠢ ᠶᠢᠨ ᠠᠯᠬᠤᠮ ᠤᠨ ᠵᠣᠬᠢᠶᠠᠨ ᠪᠦᠲᠦᠭᠡᠯᠭᠡ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ | ᠳᠤᠷᠠᠳᠤᠭᠰᠠᠨ ᠪᠠᠶᠢᠨ᠎ᠠ᠃ |