ᠦᠨᠳᠦᠰᠦᠲᠡᠨ ᠤ ᠳᠠᠭᠤᠯᠠᠯᠳᠤ ᠵᠦᠴᠦᠭᠡ ︽ᠵᠢᠩᠭᠠᠷ︾ ᠤᠨ ᠵᠣᠬᠢᠶᠠᠨ ᠪᠦᠲᠦᠭᠡᠯᠭᠡ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2020/4/3
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠨᠠᠷᠠᠨᠳᠤᠩᠭᠠᠯᠠᠭ︶ 3 ᠰᠠᠷ᠎ᠠ ᠶᠢᠨ 27 ᠤ ᠡᠳᠦᠷ᠂ ᠦᠨᠳᠦᠰᠦᠲᠡᠨ ᠤ ᠳᠠᠭᠤᠯᠠᠯᠳᠤ ᠵᠦᠴᠦᠭᠡ ︽ᠵᠢᠩᠭᠠᠷ︾ ᠤᠨ ᠵᠣᠬᠢᠶᠠᠨ ᠪᠦᠲᠦᠭᠡᠯᠭᠡ ᠵᠢᠩᠬᠢᠨᠢ ᠪᠠᠷ ᠡᠬᠢᠯᠡᠵᠦ᠂ ᠵᠣᠬᠢᠶᠠᠨ ᠪᠦᠲᠦᠭᠡᠯᠬᠡ ᠶᠢᠨ ᠶᠠᠷᠢᠯᠴᠠᠬᠤ ᠬᠤᠷᠠᠯ ᠨᠢ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠳᠤ ᠶᠠᠪᠤᠭᠳᠠᠪᠠ᠃     ᠲᠤᠰ ᠵᠦᠴᠦᠭᠡ ᠶᠢ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠭᠤᠷᠪᠠᠨ ᠶᠡᠭᠡ ᠪᠠᠭᠠᠲᠤᠷᠯᠢᠭ ᠲᠤᠤᠯᠢ ᠶᠢᠨ ᠨᠢᠭᠡ ᠪᠣᠯᠬᠤ ︽ᠵᠢᠩᠭᠠᠷ ︾ ᠢᠶᠠᠷ ᠰᠡᠳᠦᠪᠯᠡᠵᠦ᠂ 2020 ᠣᠨ ᠠᠴᠠ 2021 ᠣᠨ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠪᠠ ᠤᠷᠠᠯᠢᠭ ᠵᠦᠴᠦᠭᠡ ᠶᠢᠨ ᠬᠦᠷᠢᠶᠡᠯᠡᠩ ᠤᠨ ᠭᠤᠣᠯᠳᠠᠯᠭ᠎ᠠ ᠲᠠᠢ ᠵᠤᠬᠢᠶᠠᠨ ᠪᠦᠲᠦᠬᠡᠬᠦ ᠵᠦᠴᠦᠭᠡ ᠪᠣᠯᠣᠨ᠎ᠠ᠃ ᠳᠠᠭᠤᠯᠠᠯᠳᠤ ᠵᠦᠴᠦᠭᠡ ︽ᠵᠢᠩᠭᠠᠷ︾ ᠢ ᠵᠣᠬᠢᠶᠠᠭᠰᠠᠨ ᠨᠢ ᠦᠨᠳᠦᠰᠦᠲᠡᠨ ᠤ ᠰᠢᠯᠢᠳᠡᠭ ᠰᠣᠶᠣᠯ ᠢ ᠮᠠᠨᠳᠤᠭᠤᠯᠤᠨ ᠪᠠᠳᠠᠷᠠᠭᠤᠯᠵᠤ᠂ ᠮᠣᠩᠭᠤᠯ ᠦᠨᠳᠦᠰᠦᠲᠡᠨ ᠤ ᠪᠠᠭᠠᠲᠤᠷᠯᠢᠭ ᠲᠤᠤᠯᠢ ︽ᠵᠢᠩᠭᠠᠷ︾ ᠢ ᠤᠷᠠᠯᠢᠭ ᠤᠨ ᠬᠡᠯᠪᠡᠷᠢ ᠪᠠᠷ ᠨᠡᠩ ᠥᠷᠭᠡᠨ ᠳᠡᠯᠭᠡᠷ ᠢᠶᠠᠷ ᠤᠯᠠᠮᠵᠢᠯᠠᠬᠤ ᠶᠢᠨ ᠲᠦᠯᠦᠭᠡ ᠶᠤᠮ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠤᠷᠠᠯᠢᠭ ᠤᠨ ᠭᠠᠵᠠᠷ ᠤᠨ ᠳᠠᠷᠤᠭ᠎ᠠ ᠰᠡᠴᠡᠨᠳᠠᠯᠠᠢ᠂ ᠵᠣᠬᠢᠶᠠᠨ ᠪᠦᠲᠦᠭᠡᠬᠦ ᠲᠥᠪ ᠤᠨ ᠱᠦᠵᠢ ᠭᠤᠤ ᠶᠠᠨ ᠲᠣᠰ ᠲᠣᠰ ᠵᠦᠴᠦᠭᠡ ᠶᠢᠨ ᠪᠦᠲᠦᠭᠡᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠳᠠᠷᠠᠭ᠎ᠠ ᠨᠢ ᠬᠠᠰᠪᠠᠭᠠᠨ᠎ᠠ᠂ ᠤᠯᠠᠭᠠᠨ ᠤ ᠵᠣᠬᠢᠶᠠᠨ ᠪᠦᠲᠦᠭᠡᠭᠰᠡᠨ ︽ᠪᠠᠭᠠᠲᠤᠷ ᠵᠢᠩᠭᠠᠷ ᠤᠨ ᠮᠠᠭᠲᠠᠭᠠᠯ︾ ᠭᠡᠬᠦ ᠵᠦᠴᠦᠭᠡ ᠶᠢᠨ ᠲᠤᠬᠠᠢ ᠪᠠ ᠳᠠᠭᠤᠯᠠᠯᠳᠤ ᠵᠦᠴᠦᠭᠡ ︽ᠵᠢᠩᠭᠠᠷ︾ ᠢ ᠬᠡᠷᠬᠢᠨ ᠵᠣᠬᠢᠶᠠᠨ ᠪᠦᠲᠦᠭᠡᠬᠦ ᠶᠢᠨ ᠲᠣᠭᠤᠷᠢᠨ ᠳᠤ ᠵᠦᠴᠦᠭᠡ ᠶᠢᠨ ᠵᠣᠬᠢᠶᠠᠯ᠂ ᠤᠷᠠᠯᠢᠭ ᠤᠨ ᠢᠯᠡᠷᠡᠭᠦᠯᠦᠯ᠂ ᠳᠠᠭᠤᠤ ᠬᠥᠭᠵᠢᠮ ᠤᠨ ᠢᠯᠡᠳᠬᠡᠮᠵᠢ ᠵᠡᠷᠭᠡ ᠲᠠᠯ᠎ᠠ ᠪᠠᠷ ᠬᠠᠯᠠᠭᠤᠨ ᠶᠠᠷᠢᠯᠴᠠᠭ᠎ᠠ ᠪᠤᠯᠵᠤ᠂ ᠣᠯᠠᠨ ᠢᠶᠠᠷ ᠢᠶᠠᠨ ᠡᠨᠡ ᠬᠦ ᠰᠡᠳᠦᠪ ᠰᠣᠩᠭᠤᠯᠳᠠ ᠶᠢᠨ ᠦᠨ᠎ᠡ ᠦᠷᠳᠡᠭ ᠠᠴᠢ ᠬᠤᠯᠪᠣᠭᠳᠠᠯ ᠢ ᠰᠠᠨᠠᠯ ᠨᠢᠭᠡᠲᠡᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠵᠣᠬᠢᠶᠠᠨ ᠪᠦᠲᠦᠭᠡᠯᠭᠡ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ