︽5 · 1︾ ᠤ ᠠᠮᠠᠷᠠᠯᠲᠠ ᠶᠢᠨ ᠬᠤᠭᠤᠴᠠᠭᠠᠨ ᠤ ᠰᠢᠨ᠎ᠡ ᠬᠤᠲᠠ ᠲᠣᠭᠤᠷᠢᠭ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠡᠭᠦᠳᠡᠨ ᠪᠢᠯᠧᠲ ᠤᠨ ᠤᠷᠢᠳᠴᠢᠯᠠᠨ ᠪᠣᠯᠵᠣᠬᠤ ᠲᠣᠭᠲᠠᠴᠠ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2020-04-30
     ︽5 · 1︾ ᠤ ᠠᠮᠠᠷᠠᠯᠲᠠ ᠶᠢᠨ ᠬᠤᠭᠤᠴᠠᠭᠠᠨ ᠳᠤ᠂ ᠰᠢᠨ᠎ᠡ ᠬᠤᠲᠠ ᠲᠣᠭᠤᠷᠢᠭ ᠤᠨ ᠬᠠᠷᠢᠶᠠᠲᠤ ᠣᠷᠣᠨ ᠤ A ᠲᠠᠰ ᠤ ᠵᠢᠭᠤᠯᠴᠢᠯᠠᠯ ᠤᠨ ᠦᠵᠡᠮᠵᠢ ᠶᠢᠨ ᠣᠷᠣᠨ ᠡᠭᠦᠳᠡᠨ ᠪᠢᠯᠧᠲ ᠤᠨ ᠤᠷᠢᠳᠴᠢᠯᠠᠨ ᠪᠣᠯᠵᠣᠬᠤ ᠲᠣᠭᠲᠠᠴᠠ ᠶᠢ ᠬᠡᠷᠡᠭᠵᠢᠭᠦᠯᠵᠦ᠂ ᠥᠷᠭᠡᠨ ᠣᠯᠠᠨ ᠬᠤᠲᠠ ᠶᠢᠨ ᠠᠷᠠᠳ ᠭᠠᠳᠠᠭᠰᠢ ᠵᠤᠭᠠᠴᠠᠬᠤ ᠳᠠᠭᠠᠨ ᠰᠡᠷᠭᠡᠶᠢᠯᠡᠨ ᠬᠠᠮᠠᠭᠠᠯᠠᠬᠤ᠂ ᠤᠷᠢᠳᠴᠢᠯᠠᠨ ᠪᠣᠯᠵᠣᠬᠤ᠂ ᠤᠷᠬᠢᠯ ᠠᠯᠤᠰᠯᠠᠨ ᠵᠤᠭᠠᠴᠠᠬᠤ ᠪᠠᠨ ᠰᠠᠶᠢᠲᠤᠷ ᠬᠢᠬᠦ ᠬᠡᠷᠡᠭᠲᠡᠶ᠃      ᠠᠮᠠᠷᠠᠯᠲᠠ ᠶᠢᠨ ᠬᠤᠭᠤᠴᠠᠭᠠᠨ ᠤ ᠡᠯ᠎ᠡ ᠦᠵᠡᠮᠵᠢ ᠶᠢᠨ ᠣᠷᠣᠨ ᠤ ᠵᠣᠴᠢᠳ ᠭᠥᠯᠢᠶᠡᠨ ᠠᠪᠬᠤ ᠬᠡᠮᠵᠢᠶ᠎ᠡ ᠨᠢ ᠬᠠᠮᠤᠭ ᠤᠨ ᠶᠡᠭᠡ ᠳᠠᠭᠠᠭᠠᠴᠠ ᠶᠢᠨ ᠬᠡᠮᠵᠢᠶ᠎ᠡ ᠶᠢᠨ 30% ᠠᠴᠠ ᠬᠡᠲᠦᠷᠡᠵᠦ ᠪᠣᠯᠬᠤ ᠥᠬᠡᠶ︔ ᠦᠵᠡᠮᠵᠢ ᠶᠢᠨ ᠣᠷᠣᠨ ᠠᠵᠢᠯᠲᠠᠨ ᠲᠣᠬᠢᠷᠠᠭᠤᠯᠬᠤ ᠡᠷᠴᠢᠮ ᠢᠶᠠᠨ ᠨᠡᠮᠡᠭᠳᠡᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠤᠤᠯ ᠨᠡᠪᠲᠡᠷᠡᠬᠦ ᠵᠠᠮ᠂ ᠴᠢᠬᠤᠯᠠ ᠦᠵᠡᠯᠲᠡ ᠶᠢᠨ ᠴᠡᠭ᠂ ᠠᠮᠠᠷᠠᠵᠤ ᠬᠤᠭᠤᠯᠠ ᠢᠳᠡᠬᠦ ᠵᠡᠷᠭᠡ ᠬᠦᠮᠦᠨ ᠠᠮᠠᠷᠬᠠᠨ ᠴᠤᠭᠯᠠᠷᠠᠬᠤ ᠣᠷᠣᠨ ᠪᠦᠰᠡ ᠳᠤ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠤᠨᠴᠠᠭᠠᠶᠢᠯᠠᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠷᠣᠬᠤ ᠡᠭᠦᠳᠡ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠵᠢᠭᠠᠨ ᠵᠢᠯᠤᠭᠤᠳᠬᠤ ᠬᠠᠮᠢᠶᠠᠷᠤᠯᠲᠠ ᠶᠢ ᠴᠢᠩᠭᠠᠳᠬᠠᠵᠤ᠂ ᠴᠤᠭᠯᠠᠷᠠᠬᠤ ᠶᠢ ᠴᠢᠩᠭ᠎ᠠ ᠰᠡᠷᠭᠡᠶᠢᠯᠡᠵᠦ᠂ ᠲᠦᠭᠵᠢᠷᠡᠯ ᠠᠴᠠ ᠦᠨᠡᠨᠬᠦ ᠵᠠᠶᠢᠯᠠᠰᠬᠢᠵᠦ᠂ ᠬᠡᠮᠵᠢᠶ᠎ᠡ ᠬᠢᠵᠠᠭᠠᠷᠯᠠᠨ ᠨᠡᠭᠡᠭᠡᠯᠲᠡ ᠬᠢᠵᠦ᠂ ᠤᠷᠢᠳᠴᠢᠯᠠᠨ ᠪᠣᠯᠵᠣᠵᠤ ᠨᠡᠭᠡᠭᠡᠯᠲᠡ ᠬᠢᠵᠦ᠂ ᠡᠮᠬᠢ ᠵᠢᠷᠤᠮ ᠲᠠᠢ ᠨᠡᠭᠡᠭᠡᠯᠲᠡ ᠬᠢᠬᠦ ᠶᠢ ᠪᠡᠶᠡᠯᠡᠭᠦᠯᠦᠨ᠎ᠡ᠃      ᠡᠭᠦᠨ ᠤ ᠬᠠᠮᠲᠤ ᠥᠷᠭᠡᠨ ᠣᠯᠠᠨ ᠬᠤᠲᠠ ᠶᠢᠨ ᠠᠷᠠᠳ ᠤᠨ ᠠᠮᠠᠷᠠᠯᠲᠠ ᠶᠢᠨ ᠬᠤᠭᠤᠴᠠᠭᠠᠨ ᠳᠤ ᠬᠦᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠳᠤᠮᠳᠠ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠲᠡᠭᠦᠨ ᠤ ᠡᠷᠭᠢᠨ ᠲᠣᠭᠤᠷᠢᠨ ᠤ ᠭᠠᠵᠠᠷ ᠣᠷᠣᠨ ᠳᠤ ᠣᠴᠢᠬᠤ ᠠᠴᠠ ᠵᠠᠶᠢᠯᠠᠰᠬᠢᠬᠦ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠲᠣᠭᠤᠷᠢᠨ ᠦᠵᠡᠬᠦ ᠶᠢᠨ ᠬᠠᠮᠲᠤ ᠰᠡᠷᠭᠡᠶᠢᠯᠡᠨ ᠬᠠᠮᠠᠭᠠᠯᠠᠬᠤ ᠪᠠᠨ ᠰᠤᠯᠠᠷᠠᠭᠤᠯᠤᠯ ᠦᠭᠡᠢ ᠬᠢᠵᠦ᠂ ᠬᠠᠷᠢᠯᠴᠠᠨ ᠬᠢᠨᠠᠯᠲᠠ ᠲᠠᠯᠪᠢᠵᠤ᠂ ᠬᠠᠷᠢᠯᠴᠠᠨ ᠰᠠᠨᠠᠭᠤᠯᠵᠤ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠰᠠᠨᠠᠭ᠎ᠠ ᠠᠮᠤᠷ᠂ ᠠᠮᠤᠷ ᠲᠦᠪᠰᠢᠨ᠂ ᠲᠠᠭᠠᠯᠠᠮᠵᠢᠲᠠᠢ ᠨᠠᠭᠠᠳᠬᠤ ᠪᠤᠢ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号