ᠴᠢᠩ ᠱᠦᠶ ᠾᠧ ᠰᠢᠶᠠᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ  ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠯᠲᠠ ᠶᠢᠨ ᠱᠠᠲᠤᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-30
     ᠬᠤᠲᠠ ᠶᠢᠨ ᠨᠠᠮ ᠤᠨ ᠬᠤᠷᠢᠶ᠎ᠠ ᠶᠢᠨ ︽ᠳᠥᠷᠪᠡ ᠶᠢ ᠪᠥᠬᠦ ᠲᠠᠯ᠎ᠠ ᠪᠠᠷ ᠴᠡᠭᠴᠡᠯᠡᠨ ᠵᠠᠰᠠᠬᠤ︾ ︽ᠳᠥᠷᠪᠡ ᠶᠢ ᠪᠥᠬᠦ ᠲᠠᠯ᠎ᠠ ᠪᠠᠷ ᠬᠠᠮᠤᠷᠬᠤ︾ ︽ᠳᠥᠷᠪᠡᠨ ᠵᠡᠷᠭᠡ ᠪᠠᠷ ᠶᠠᠪᠤᠭᠳᠠᠬᠤ︾ ︽ᠭᠤᠷᠪᠠᠨ ᠨᠢᠭᠡ ᠨᠢ ᠨᠢᠭᠡ  ᠲᠠᠢ ᠵᠣᠯᠭᠠᠭᠤᠯᠬᠤ︾ ᠱᠠᠭᠠᠷᠳᠠᠯᠭ᠎ᠠ ᠶᠣᠰᠣᠭᠠᠷ᠂ ᠴᠢᠩ ᠱᠦᠶ ᠾᠧ ᠰᠢᠶᠠᠨ ᠤ ᠲᠤᠰᠬᠠᠶ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠱᠠᠲᠤ ᠦᠶ᠎ᠡ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠱᠠᠲᠤ ᠦᠶ᠎ᠡ  ᠶᠢᠨ ᠠᠵᠢᠯ ᠤᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠰᠢᠮᠳᠠᠭᠤᠯᠤᠨ ᠪᠠᠶᠢᠴᠠᠭᠠᠬᠤ ᠭᠤᠤᠯ ᠴᠣᠭᠴᠠ ᠶᠢᠨ ᠠᠯᠪᠠᠨ ᠬᠡᠷ ᠤᠨ ᠡᠯ᠎ᠡ ᠲᠤᠰᠬᠠᠶ ᠵᠦᠶᠯ ᠤᠨ ᠳᠤᠭᠤᠶᠢᠯᠠᠩ ᠤᠨ ᠱᠠᠲᠤ ᠦᠶ᠎ᠡ ᠶᠢᠨ ᠠᠵᠢᠯ ᠤᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 29 ᠤ ᠡᠳᠦᠷ᠂ ᠴᠢᠩ ᠱᠦᠶ ᠾᠧ ᠰᠢᠶᠠᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠯᠲᠠ ᠶᠢᠨ ᠱᠠᠲᠤᠨ ᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᡁᠢ ᠴᠢᠶᠠᠩ ᠨᠥᠬᠦᠷ ᠮᠠᠨ ᠤ ᠰᠢᠶᠠᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠱᠢ ᠶᠦᠩ ᠫᠢᠩ ᠨᠥᠬᠦᠷ ᠬᠤᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠬᠡᠷ ᠤᠨ ᠳᠥᠷᠪᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠭᠤᠤᠯ ᠴᠣᠭᠴᠠ  ᠶᠢᠨ ᠠᠯᠪᠠᠨ ᠬᠡᠷ ᠤᠨ ᠡᠯ᠎ᠡ ᠲᠤᠰᠬᠠᠶ ᠵᠦᠢᠯ ᠤᠨ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠲᠣᠰ ᠲᠣᠰ ᠥᠪᠡᠷ ᠤᠨ ᠳᠤᠭᠤᠶᠢᠯᠠᠩ ᠤᠨ ᠱᠠᠲᠤ ᠦᠶ᠎ᠡ ᠶᠢᠨ ᠠᠵᠢᠯ ᠤᠨ ᠪᠠᠶᠢᠳᠠᠯ ᠵᠢᠴᠢ ᠲᠠᠷᠠᠭᠠᠴᠢ ᠶᠢᠨ ᠱᠠᠲᠤᠨ ᠤ ᠠᠵᠢᠯ  ᠤᠨ ᠬᠠᠷᠠᠯᠲᠠᠲᠤ ᠡᠭᠦᠷᠭᠡ ᠶᠢ ᠬᠠᠷᠢᠭᠤ ᠮᠡᠳᠡᠭᠦᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠭᠤᠤᠯ ᠴᠣᠭᠴᠠ ᠶᠢᠨ ᠠᠯᠪᠠᠨ ᠬᠡᠷ᠂ ᠬᠢᠨᠠᠯᠲᠠ ᠲᠠᠯᠪᠢᠬᠤ ᠠᠯᠪᠠᠨ ᠬᠡᠷ ᠤᠨ ᠡᠯ᠎ᠡ ᠲᠤᠰᠬᠠᠶ ᠳᠤᠭᠤᠶᠢᠯᠠᠩ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ᠃ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠭᠤᠤᠯ ᠴᠣᠭᠴᠠ ᠶᠢᠨ ᠠᠯᠪᠠᠨ ᠭᠡᠷ ᠂ ᠬᠢᠨᠠᠯᠲᠠ ᠲᠠᠯᠪᠢᠬᠤ ᠠᠯᠪᠠᠨ ᠭᠡᠷ ᠤᠨ ᠡᠯ᠎ᠡ ᠲᠤᠰᠬᠠᠶ ᠵᠦᠶᠯ ᠤᠨ ᠳᠤᠭᠤᠶᠢᠯᠠᠩ ᠨᠢ ᠣᠶᠢᠷ᠎ᠠ ᠨᠢᠭᠡ ᠱᠠᠲᠤ ᠦᠶ᠎ᠡ  ᠶᠢᠨ ᠠᠵᠢᠯ ᠥᠷᠨᠢᠭᠦᠯᠦᠭᠰᠡᠨ ᠪᠠᠶᠢᠳᠠᠯ ᠢ ᠬᠢᠨᠠᠮᠠᠭᠠᠶ ᠡᠮᠬᠢᠯᠡᠨ ᠳ᠋ᠦᠩᠨᠡᠭᠰᠡᠨ ᠰᠠᠭᠤᠷᠢᠨ ᠳᠡᠭᠡᠷ᠎ᠡ᠂ ᠴᠢᠭᠯᠡᠭᠦᠯᠬᠦ ᠴᠢᠨᠠᠷ  ᠲᠠᠢ ᠪᠠᠷ ᠰᠠᠶᠢᠵᠢᠷᠠᠭᠤᠯᠤᠨ ᠴᠢᠩᠭᠠᠷᠠᠭᠤᠯᠵᠤ᠂ ᠲᠣᠪᠣᠶᠢᠮ᠎ᠠ ᠠᠰᠠᠭᠤᠳᠠᠯ ᠳᠤ ᠤᠯᠠᠮ ᠨᠢᠭᠡ ᠠᠯᠬᠤᠮ ᠠᠩᠬᠠᠷᠤᠯ  ᠢᠶᠠᠨ ᠲᠥᠪᠯᠡᠷᠡᠭᠦᠯᠬᠦ ᠬᠡᠷᠡᠭᠲᠡᠶ᠃ ᠬᠢᠨᠠᠯᠲᠠ ᠲᠠᠯᠪᠢᠬᠤ ᠠᠯᠪᠠᠨ ᠭᠡᠷ ᠤᠨ ᠡᠯ᠎ᠡ ᠲᠤᠰᠬᠠᠶ ᠵᠦᠶᠯ ᠤᠨ ᠳᠤᠭᠤᠶᠢᠯᠠᠩ᠂ ᠲᠣᠮᠢᠯᠠᠨ ᠰᠠᠭᠤᠯᠭᠠᠬᠤ ᠳᠤᠭᠤᠶᠢᠯᠠᠩ ᠨᠢ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠪᠣᠳᠠᠲᠠᠶ ᠠᠰᠠᠭᠤᠳᠠᠯ ᠢ ᠪᠣᠳᠠᠲᠠᠶ ᠪᠠᠷ ᠵᠠᠳᠠᠯᠵᠤ᠂ ᠲᠥᠷᠥᠯ ᠬᠤᠪᠢᠶᠠᠨ ᠰᠢᠶᠳᠪᠦᠷᠢᠯᠡᠵᠦ᠂ ᠨᠡᠭᠦᠷᠡᠰᠦ ᠳᠤ ᠬᠤᠯᠪᠣᠭᠳᠠᠬᠤ ᠰᠢᠶᠠᠩ ᠪᠠᠯᠭᠠᠰᠤ᠂ ᠨᠡᠭᠦᠷᠡᠰᠦ ᠳᠤ ᠬᠤᠯᠪᠣᠭᠳᠠᠬᠤ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ  ᠶᠢ ᠪᠣᠳᠠᠲᠠᠶᠢᠵᠢᠭᠤᠯᠬᠤ ᠬᠡᠷᠡᠭᠲᠡᠶ᠃ ᠬᠢᠨᠠᠯᠲᠠ ᠲᠠᠯᠪᠢᠬᠤ ᠠᠯᠪᠠᠨ ᠭᠡᠷ ᠤᠨ ᠡᠯ᠎ᠡ ᠲᠤᠰᠬᠠᠶ ᠵᠦᠶᠯ ᠤᠨ ᠳᠤᠭᠤᠶᠢᠯᠠᠩ ᠂ ᠲᠣᠮᠢᠯᠠᠨ ᠰᠠᠭᠤᠯᠭᠠᠬᠤ ᠳᠤᠭᠤᠶᠢᠯᠠᠩ ᠨᠢ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠢᠮᠳᠠᠭᠤᠯᠬᠤ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠶᠴᠡᠳᠬᠡᠬᠦ ᠬᠡᠷᠡᠭᠲᠡᠶ ᠭᠡᠵᠡᠢ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号